ᠹᠢᠽᠢᠺ ᠦᠨ ᠵᠢᠭᠠᠨ ᠰᠤᠷᠭᠠᠯᠲᠠ ᠶᠢᠨ ᠶᠠᠪᠤᠴᠠ ᠳᠤ ᠰᠤᠷᠤᠭᠴᠢᠳ ᠤᠨ ᠤᠷᠮ᠎ᠠ ᠪᠠᠬ᠎ᠠ ᠶᠢ ᠳᠡᠭᠡᠭᠰᠢᠯᠡᠭᠦᠯᠬᠦ ᠲᠤᠬᠠᠢ
ᠢᠷᠡᠯᠲᠡ: ᠪᠠᠢᠭᠠᠯᠢ ᠶ᠋ᠢᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠪᠠᠢᠭᠠᠯᠢ ᠶ᠋ᠢᠨ ᠰᠢᠨᠵᠢᠯᠡ -> 200802
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2019/03/04
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠬᠣᠷᠯᠣ ᠠ
ᠵᠠᠩᠭᠢᠯᠠᠭ᠎ᠠ ᠦᠭᠡ᠄ ᠹᠢᠽᠢᠺ᠂ ᠵᠢᠭᠠᠨ ᠰᠤᠷᠭᠠᠯᠲᠠ᠂ ᠰᠤᠷᠤᠯᠴᠠᠬᠤ ᠤᠷᠮ᠎ᠠ ᠪᠠᠬ᠎ᠠ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠹᠢᠽᠢᠺ ᠦᠨ ᠵᠢᠭᠠᠨ ᠰᠤᠷᠭᠠᠯᠲᠠ ᠳᠠᠬᠢ ᠠᠩᠬ᠎ᠠ ᠳᠤᠮᠳᠠᠳᠤ ᠶᠢᠨ ᠹᠢᠽᠢᠺ ᠦᠨ ᠵᠢᠭᠠᠨ ᠰᠤᠷᠭᠠᠯᠲᠠ ᠨᠢ ᠰᠤᠷᠤᠭᠴᠢᠳ ᠤᠨ ᠹᠢᠽᠢᠺ ᠦᠨ ᠮᠡᠳᠡᠯᠭᠡ ᠶᠢ ᠡᠵᠡᠮᠰᠢᠬᠦ ᠳᠦ ᠠᠩᠬ᠎ᠠ ᠠᠯᠬᠤᠮ ᠤᠨ ᠰᠠᠭᠤᠷᠢ ᠪᠣᠯᠬᠤ ᠪᠥᠭᠡᠳ ᠹᠢᠽᠢᠺ ᠰᠤᠷᠤᠯᠴᠠᠬᠤ ᠤᠷᠮ᠎ᠠ ᠪᠠᠬ᠎ᠠ ᠶᠢ ᠬᠥᠮᠦᠵᠢᠭᠦᠯᠬᠦ ᠵᠠᠩᠭᠢᠯᠠᠭ᠎ᠠ ᠶᠢᠨ ᠦᠶ᠎ᠡ ᠪᠣᠯᠤᠨ᠎ᠠ᠃ ᠮᠥᠨ ᠴᠦ ᠬᠡᠷᠡᠭ ᠪᠣᠳᠠᠰ ᠢ ᠠᠵᠢᠭᠯᠠᠬᠤ᠂ ᠠᠰᠠᠭᠤᠳᠠᠯ ᠢ ᠵᠠᠳᠠᠯᠵᠤ ᠰᠢᠢᠳᠪᠦᠷᠢᠯᠡᠬᠦ ᠴᠢᠳᠠᠪᠤᠷᠢ ᠶᠢ ᠬᠥᠮᠦᠵᠢᠭᠦᠯᠬᠦ ᠵᠠᠩᠭᠢᠯᠠᠭ᠎ᠠ ᠶᠢᠨ ᠦᠶ᠎ᠡ ᠪᠣᠯᠤᠨ᠎ᠠ᠃ ᠵᠠᠯᠠᠭᠤ ᠪᠠᠭᠠᠴᠤᠳ ᠤᠨ ᠥᠰᠪᠦᠷᠢ ᠶᠢᠨ ᠦᠶ᠎ᠡ ᠶᠢᠨ ᠰᠡᠳᠭᠢᠬᠦᠢ ᠪᠠ ᠹᠢᠽᠢᠣᠯᠣᠭᠢ ᠶᠢᠨ ᠣᠨᠴᠠᠯᠢᠭ ᠠᠴᠠ ᠶᠠᠷᠢᠭᠰᠠᠨ ᠴᠤ ᠨᠢᠭᠡ ᠲᠥᠷᠦᠯ ᠦᠨ ᠮᠡᠳᠡᠯᠭᠡ ᠶᠢ ᠡᠵᠡᠮᠰᠢᠵᠦ ᠰᠤᠷᠬᠤ ᠲᠣᠩ ᠴᠢᠩᠭ᠎ᠠ ᠬᠦᠰᠡᠯ ᠱᠠᠭᠠᠷᠳᠠᠯᠭ᠎ᠠ ᠲᠠᠢ ᠪᠠᠢᠵᠤ᠂ ᠰᠤᠷᠤᠭᠴᠢᠳ ᠰᠢᠨ᠎ᠡ ᠰᠣᠷᠭᠤᠭ ᠠᠰᠠᠭᠤᠳᠠᠯ ᠢ ᠰᠦᠪᠡᠭᠴᠢᠯᠡᠬᠦ ᠳᠤᠷᠠᠲᠠᠢ᠂ ᠢᠷᠡᠭᠡᠳᠦᠢ ᠳ᠋ᠡᠭᠡᠨ ᠳᠦᠭᠦᠷᠡᠩ ᠬᠦᠰᠡᠯ ᠰᠡᠳᠭᠢᠯᠭᠡ ᠲᠡ ᠪᠠᠢᠳᠠᠭ᠃ ᠭᠡᠪᠡᠴᠦ ᠬᠡᠢᠰᠪᠦᠷᠢ ᠣᠨᠤᠯ ᠢᠶᠠᠷ ᠹᠢᠽᠢᠺ ᠦᠨ ᠮᠡᠳᠡᠯᠭᠡ ᠳᠦ ᠤᠴᠠᠷᠠᠪᠠᠯ᠂ ᠤᠳᠠᠬᠤ ᠦᠭᠡᠢ ᠰᠤᠷᠤᠯᠴᠠᠬᠤ ᠢᠳᠡᠪᠬᠢᠵᠢᠯ ᠨᠢ ᠪᠠᠭᠤᠷᠠᠵᠤ᠂ ᠬᠠᠮᠤᠭ ᠡᠴᠦᠰ ᠲᠦ ᠠᠩᠬ᠎ᠠ ᠳᠤᠮᠳᠠᠳᠤ ᠶᠢᠨ ᠹᠢᠽᠢᠺ ᠦᠨ ᠵᠢᠭᠠᠨ ᠰᠤᠷᠭᠠᠬᠤ ᠠᠵᠢᠯ ᠢᠯᠠᠭᠳᠠᠯ ᠳᠤ ᠤᠴᠠᠷᠠᠬᠤ ᠪᠣᠯᠭᠤᠮᠵᠢ ᠲᠠᠢ ᠪᠠᠢᠳᠠᠭ᠃ ᠡᠢᠮᠦ ᠡᠴᠡ᠂ ᠲᠡᠳᠡᠨ ᠢ ᠰᠢᠨᠵᠢᠯᠡᠬᠦ ᠤᠬᠠᠭᠠᠨᠴᠢ ᠪᠠᠷ ᠤᠷᠮ᠎ᠠ ᠪᠠᠬ᠎ᠠ ᠶᠢ ᠨᠢ ᠬᠥᠮᠦᠵᠢᠭᠦᠯᠵᠦ᠂ ᠰᠤᠷᠤᠯᠴᠠᠬᠤ ᠳᠤ ᠢᠳᠡᠪᠬᠢᠲᠡᠢ ᠪᠣᠯᠭᠠᠬᠤ ᠪᠣᠯ ᠬᠠᠮᠤᠭ ᠤᠨ ᠴᠢᠬᠤᠯᠠ ᠪᠥᠭᠡᠳ ᠬᠣᠵᠢᠮ ᠤᠨ ᠹᠢᠽᠢᠺ ᠰᠤᠷᠬᠤ ᠳᠤ ᠰᠠᠭᠤᠷᠢ ᠪᠣᠯᠬᠤ ᠶᠤᠮ᠃