ᠨᠠᠰᠤᠲᠠᠢᠴᠤᠳ ᠤᠨ ᠪᠡᠶ᠎ᠡ ᠲᠠᠮᠢᠷ ᠤᠨ ᠬᠥᠳᠡᠯᠭᠡᠭᠡᠨ ᠦ᠌ ᠨᠡᠢᠭᠡᠮ ᠦᠨ ᠬᠥᠭᠵᠢᠯᠲᠡ ᠳ᠋ᠡᠬᠢ ᠠᠴᠢ ᠬᠣᠯᠪᠤᠭᠳᠠᠯ
ᠢᠷᠡᠯᠲᠡ: ᠪᠠᠢᠭᠠᠯᠢ ᠶ᠋ᠢᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠪᠠᠢᠭᠠᠯᠢ ᠶ᠋ᠢᠨ ᠰᠢᠨᠵᠢᠯᠡ -> 200802
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2019/03/04
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠵᠣᠣ ᠭᠡᠷᠡᠯᠲᠦ
ᠵᠠᠩᠭᠢᠯᠠᠭ᠎ᠠ ᠦᠭᠡ᠄ ᠨᠠᠰᠤᠲᠠᠢᠴᠤᠳ᠂ ᠪᠡᠶ᠎ᠡ ᠲᠠᠮᠢᠷ᠂ ᠠᠴᠢ ᠬᠣᠯᠪᠤᠭᠳᠠᠯ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠡᠮ ᠡᠮᠨᠡᠯᠭᠡ᠂ ᠡᠷᠡᠭᠦᠯ ᠬᠠᠮᠠᠭᠠᠯᠠᠯ ᠤᠨ ᠦᠢᠯᠡᠰ ᠪᠣᠯᠤᠨ ᠠᠵᠤ ᠠᠬᠤᠢ ᠶᠢᠨ ᠬᠥᠭᠵᠢᠯᠲᠡ ᠪᠠ ᠬᠥᠮᠦᠨ ᠠᠮᠠ ᠶᠢᠨ ᠨᠡᠮᠡᠭᠳᠡᠯᠲᠡ ᠶᠢ ᠳᠠᠭᠠᠯᠳᠤᠨ᠂ ᠨᠠᠰᠤᠲᠠᠢᠴᠤᠳ ᠤᠨ ᠲᠣᠭ᠎ᠠ ᠤᠯᠠᠮ ᠢᠶᠠᠷ ᠨᠡᠮᠡᠭᠳᠡᠵᠦ ᠪᠠᠢᠨ᠎ᠠ᠃ ᠡᠨᠡ ᠨᠢ ᠣᠳᠣ ᠶᠢᠨ ᠨᠡᠢᠭᠡᠮ ᠦᠨ ᠬᠥᠮᠦᠨ ᠠᠮᠠ ᠶᠢᠨ ᠬᠥᠭᠵᠢᠬᠦ ᠶᠢᠨ ᠴᠢᠬᠤᠯᠠ ᠬᠠᠨᠳᠤᠰᠢ ᠶᠢᠨ ᠨᠢᠭᠡ ᠨᠢ ᠪᠣᠯᠤᠭᠰᠠᠨ ᠪᠥᠭᠡᠳ ᠪᠦᠬᠦ ᠳᠡᠯᠡᠬᠡᠢ ᠳᠦ ᠲᠤᠯᠭᠠᠷᠠᠵᠤ ᠪᠠᠢᠭ᠎ᠠ ᠴᠢᠬᠤᠯᠠ ᠨᠢᠭᠡᠨ ᠨᠡᠢᠭᠡᠮ ᠦᠨ ᠠᠰᠠᠭᠤᠳᠠᠯ ᠪᠣᠯᠤᠨ᠎ᠠ᠃ ᠵᠣᠬᠢᠶᠠᠭᠴᠢ ᠪᠠᠷ ᠡᠳᠡᠭᠡᠷ ᠠᠰᠠᠭᠤᠳᠠᠯ ᠳᠤ ᠴᠢᠭᠯᠡᠭᠦᠯᠦᠨ ᠨᠠᠰᠤᠲᠠᠢᠴᠤᠳ ᠡᠷᠬᠡᠪᠰᠢ ᠡᠯ᠎ᠡ ᠵᠦᠢᠯ ᠦᠨ ᠪᠡᠶ᠎ᠡ ᠲᠠᠮᠢᠷ ᠤᠨ ᠬᠥᠳᠡᠯᠭᠡᠭᠡᠨ ᠳᠦ ᠢᠳᠡᠪᠬᠢᠲᠡᠢ ᠣᠷᠤᠯᠴᠠᠵᠤ᠂ ᠡᠷᠡᠭᠦᠯ ᠴᠢᠭᠢᠷᠠᠭ ᠥᠲᠡᠯᠵᠦ᠂ ᠰᠡᠳᠭᠢᠴᠡ ᠪᠠ ᠹᠢᠽᠢᠣᠯᠣᠭᠢ᠂ ᠪᠡᠶ᠎ᠡ ᠴᠣᠭᠴᠠᠰ ᠡᠷᠡᠭᠦᠯ ᠴᠢᠭᠢᠷᠠᠭ ᠪᠣᠯ ᠰᠠᠶᠢ ᠨᠡᠢᠭᠡᠮ ᠪᠠ ᠭᠡᠷ ᠦᠨ ᠳᠠᠷᠤᠭᠠᠰᠤ ᠶᠢ ᠬᠥᠩᠭᠡᠯᠡᠵᠦ᠂ ᠨᠠᠰᠤᠵᠢᠭᠰᠠᠨ ᠦᠶ᠎ᠡ ᠪᠡᠨ ᠵᠣᠯ ᠵᠢᠷᠭᠠᠯ ᠲᠠᠢ ᠥᠩᠭᠡᠷᠡᠭᠡᠬᠦ ᠨᠡᠢᠭᠡᠮ ᠦᠨ ᠠᠴᠢ ᠬᠣᠯᠪᠤᠭᠳᠠᠯ ᠢ ᠥᠭᠦᠯᠡᠨ ᠲᠣᠭᠠᠴᠢᠭᠰᠠᠨ ᠤ ᠰᠠᠭᠤᠷᠢ ᠳᠡᠭᠡᠷ᠎ᠡ᠂ ᠨᠠᠰᠤᠲᠠᠢᠴᠤᠳ ᠤᠨ ᠪᠡᠶ᠎ᠡ ᠲᠠᠮᠢᠷ ᠤᠨ ᠬᠥᠳᠡᠯᠭᠡᠭᠡᠨ ᠢ ᠬᠡᠷᠬᠢᠨ ᠥᠷᠨᠢᠭᠦᠯᠬᠦ ᠲᠤᠬᠠᠢ ᠬᠡᠳᠦᠨ ᠵᠦᠢᠯ ᠦᠨ ᠠᠷᠭ᠎ᠠ ᠠᠪᠴᠠᠯ ᠢ ᠳᠤᠷᠠᠳᠤᠨ ᠭᠠᠷᠭᠠᠭᠰᠠᠨ ᠪᠠᠢᠨ᠎ᠠ᠃