ᠬᠤᠭᠤᠴᠠᠭᠠᠲᠦ ᠰᠡᠳᠭᠦᠯ
>
ᠥᠪᠦᠷ ᠮᠣᠩᠭᠤᠯ ᠤ᠋ᠨ ᠮᠠᠯ ᠠᠵᠤ ᠠᠬᠤᠢ
>
ᠰᠢᠨᠵᠢᠶᠠᠩ ᠤ᠋ᠨ ᠮᠠᠯ ᠠᠵᠤ ᠠᠬᠤᠢ
>
ᠰᠢᠨᠵᠢᠯᠡᠬᠦ ᠤᠬᠠᠭᠠᠨ ᠠᠮᠢᠳᠤᠷᠠᠯ
>
ᠥᠪᠦᠷ ᠮᠣᠩᠭᠤᠯ ᠤ᠋ᠨ ᠲᠠᠷᠢᠶᠠᠯᠠᠩ ᠤ᠋ᠨ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ
>
ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠪᠠᠢᠭᠠᠯᠢ ᠶ᠋ᠢᠨ ᠰᠢᠨᠵᠢᠯᠡ
>
ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠮᠣᠩᠭᠤᠯ ᠠᠨᠠᠭᠠᠬᠤ ᠤᠬᠠᠭᠠ
>
ᠮᠣᠩᠭᠤᠯ ᠠᠳᠤᠭᠤ
>
ᠥᠪᠦᠷ ᠮᠣᠩᠭᠤᠯ ᠤ᠋ᠨ ᠮᠠᠯ ᠠᠵᠤ ᠠᠬᠤᠢ ᠵᠢᠨ ᠰᠢᠨᠵᠢᠯᠡᠬᠦ ᠤᠬᠠᠭᠠᠨ
>
ᠥᠪᠦᠷ ᠮᠣᠩᠭᠤᠯ ᠤ᠋ᠨ ᠮᠠᠯ ᠡᠮᠨᠡᠯᠭᠡ
>
ᠲᠣᠭᠠᠨ ᠤ᠋ ᠤᠬᠠᠭᠠᠨ ᠤ᠋ ᠭᠠᠷ ᠪᠢᠴᠢᠮᠡᠯ
>
ᠥᠪᠦᠷ ᠮᠣᠩᠭᠤᠯ ᠤ᠋ᠨ ᠦᠨᠳᠦᠰᠦᠲᠡᠨ ᠦ᠌ ᠡᠮᠨᠡᠯᠭᠡ ᠶ᠋ᠢᠨ ᠳᠡᠭᠡᠳᠦ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ

ᠭᠡᠷᠡᠯ ᠵᠢᠭᠰᠠᠯ ᠤᠨ ᠮᠡᠷᠭᠡᠵᠢᠯ ᠢ ᠮᠣᠩᠭᠤᠯ ᠡᠮ ᠦᠨ ᠰᠤᠳᠤᠯᠭ᠎ᠠ ᠳᠤ ᠬᠡᠷᠡᠭᠯᠡᠵᠦ ᠪᠠᠢᠭ᠎ᠠ ᠪᠠᠢᠳᠠᠯ

ᠢᠷᠡᠯᠲᠡ: ᠪᠠᠢᠭᠠᠯᠢ ᠶ᠋ᠢᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠪᠠᠢᠭᠠᠯᠢ ᠶ᠋ᠢᠨ ᠰᠢᠨᠵᠢᠯᠡ -> 200901
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2019/03/04
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠵᠠᠩ ᠪᠣᠣ ᠵᠧᠨ᠂ ᠡᠦ ᠰᠢᠶᠠᠩ ᠵᠢᠶᠧ
ᠵᠠᠩᠭᠢᠯᠠᠭ᠎ᠠ ᠦᠭᠡ᠄ ᠭᠡᠷᠡᠯ ᠵᠢᠭᠰᠠᠯ ᠤᠨ ᠮᠡᠷᠭᠡᠵᠢᠯ᠂ ᠮᠣᠩᠭᠤᠯ ᠡᠮ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠮᠣᠩᠭᠤᠯ ᠡᠮ ᠪᠣᠯ ᠤᠷᠭᠤᠮᠠᠯ᠂ ᠡᠷᠦᠳᠡᠰᠦ ᠡᠴᠡ ᠢᠷᠡᠯᠲᠡ ᠲᠡᠢ ᠪᠠᠢᠭᠠᠯᠢᠯᠢᠭ ᠪᠣᠳᠠᠰ ᠪᠣᠯᠬᠤ ᠪᠥᠭᠡᠳ ᠡᠬᠡ ᠤᠯᠤᠰ ᠤᠨ ᠪᠠᠢᠭᠠᠯᠢ ᠶᠢᠨ ᠡᠬᠢ ᠪᠠᠶᠠᠯᠢᠭ ᠤᠨ ᠪᠦᠷᠢᠯᠳᠦᠬᠦᠨ ᠦ᠌ ᠨᠢᠭᠡ ᠬᠡᠰᠡᠭ ᠨᠢ ᠪᠣᠯᠤᠨ᠎ᠠ᠃ ᠣᠷᠴᠢᠮ ᠤᠨ ᠵᠢᠯ ᠳ᠋ᠦ᠍᠂ ᠵᠠᠬ᠎ᠠ ᠳᠡᠯᠭᠡᠭᠦᠷ ᠦᠨ ᠠᠵᠤ ᠠᠬᠤᠢ ᠶᠢᠨ ᠨᠡᠭᠡᠭᠡᠯᠲᠡ ᠶᠢ ᠳᠠᠭᠠᠯᠳᠤᠨ᠂ ᠮᠣᠩᠭᠤᠯ ᠡᠮ ᠦ᠋ᠨ ᠳᠣᠲᠤᠷ᠎ᠠ ᠴᠤ ᠬᠠᠭᠤᠷᠮᠠᠭ ᠲᠠᠸᠠᠷ ᠣᠯᠠᠰᠢᠷᠠᠵᠤ᠂ ᠡᠮᠴᠢᠯᠡᠭᠡᠨ ᠦ᠌ ᠠᠴᠢ ᠲᠤᠰᠠ ᠶᠢ ᠬᠠᠷᠰᠢᠯᠠᠵᠤ ᠪᠠᠢᠬᠤ ᠲᠤᠯᠠ ᠮᠣᠩᠭᠤᠯ ᠡᠮ ᠢ ᠵᠥᠪ ᠣᠨᠤᠪᠴᠢᠲᠠᠢ ᠢᠯᠭᠠᠨ ᠲᠠᠨᠢᠵᠤ ᠬᠡᠷᠡᠭᠯᠡᠬᠦ ᠪᠣᠯ ᠡᠮᠴᠢᠯᠡᠭᠡᠨ ᠳᠦ ᠠᠮᠤᠷ ᠲᠦᠪᠰᠢᠨ᠂ ᠠᠶᠤᠯᠭᠦᠢ ᠡᠮ ᠬᠡᠷᠡᠭᠯᠡᠬᠦ ᠶᠢᠨ ᠤᠷᠢᠲᠠᠯ ᠪᠣᠯᠬᠤ ᠪᠥᠭᠡᠳ ᠠᠯᠢᠪᠠ ᠰᠠᠭᠤᠷᠢ ᠰᠤᠳᠤᠯᠭᠠᠨ ᠤ ᠵᠠᠩᠭᠢᠯᠠᠭ᠎ᠠ ᠪᠣᠯᠬᠤ ᠶᠤᠮ᠃ ᠣᠳᠣ ᠦᠶ᠎ᠡ ᠶᠢᠨ ᠪᠠᠢᠭᠠᠯᠢ ᠶᠢᠨ ᠰᠢᠨᠵᠢᠯᠡᠬᠦ ᠤᠬᠠᠭᠠᠨ ᠤ ᠠᠷᠭ᠎ᠠ ᠮᠡᠷᠭᠡᠵᠢᠯ ᠢ ᠪᠠᠢᠭᠠᠯᠢᠯᠢᠭ ᠡᠮ ᠢ ᠬᠢᠨᠠᠨ ᠲᠣᠭᠲᠠᠭᠠᠬᠤ ᠳᠤ ᠥᠷᠭᠡᠨ ᠢᠶᠡᠷ ᠬᠡᠷᠡᠭᠯᠡᠵᠦ ᠪᠣᠢ᠃ ᠲᠡᠭᠦᠨ ᠦ᠌ ᠳᠣᠲᠤᠷᠠᠬᠢ ᠭᠡᠷᠡᠯ ᠵᠢᠭᠰᠠᠯ ᠤᠨ ᠠᠷᠭ᠎ᠠ ᠨᠢ ᠣᠨᠤᠪᠴᠢᠲᠠᠢ ᠪᠥᠭᠡᠳ ᠨᠢᠭᠡᠨ ᠵᠦᠢᠯ ᠦᠨ ᠳᠥᠭᠦᠮ ᠠᠷᠭ᠎ᠠ ᠪᠣᠯᠬᠤ ᠶᠤᠮ᠃ ᠭᠡᠷᠡᠯ ᠵᠢᠭᠰᠠᠯ ᠤᠨ ᠠᠷᠭ᠎ᠠ ᠮᠡᠷᠭᠡᠵᠢᠯ ᠳᠦ ᠣᠯᠠᠨ ᠵᠦᠢᠯ ᠪᠠᠢᠵᠤ᠂ ᠡᠮ ᠦᠨ ᠮᠠᠲ᠋ᠧᠷᠢᠶᠠᠯ ᠤᠨ ᠴᠢᠨᠠᠷ ᠢ ᠲᠣᠭᠲᠠᠭᠠᠬᠤ ᠪᠠ ᠬᠡᠮᠵᠢᠶ᠎ᠡ ᠶᠢ ᠲᠣᠭᠲᠠᠭᠠᠬᠤ ᠳᠤ ᠮᠠᠰᠢ ᠣᠨᠤᠪᠴᠢᠲᠠᠢ ᠪᠠᠢᠳᠠᠭ ᠠᠴᠠ᠂ ᠣᠷᠴᠢᠮ ᠤᠨ ᠵᠢᠯ ᠳ᠋ᠦ᠍ ᠥᠷᠭᠡᠨ ᠢᠶᠡᠷ ᠬᠡᠷᠡᠭᠯᠡᠭᠳᠡᠵᠦ ᠪᠣᠢ᠃ ᠵᠣᠬᠢᠶᠠᠯ ᠳᠤ᠂ ᠬᠡᠳᠦᠨ ᠵᠦᠢᠯ ᠦᠨ ᠭᠡᠷᠡᠯ ᠵᠢᠭᠰᠠᠯ ᠤᠨ ᠠᠷᠭ᠎ᠠ ᠶᠢᠨ ᠣᠨᠴᠠᠯᠢᠭ᠂ ᠤᠭ ᠶᠣᠰᠤ ᠪᠠ ᠮᠣᠩᠭᠤᠯ ᠡᠮ ᠢ ᠢᠯᠭᠠᠨ ᠲᠠᠨᠢᠬᠤ ᠳᠤ ᠬᠡᠷᠡᠭᠯᠡᠵᠦ ᠪᠠᠢᠭ᠎ᠠ ᠪᠠᠢᠳᠠᠯ ᠢ ᠳᠥᠭᠦᠮ ᠲᠠᠨᠢᠯᠴᠠᠭᠤᠯᠤᠭᠰᠠᠨ ᠪᠠᠢᠨ᠎ᠠ᠃