ᠬᠤᠭᠤᠴᠠᠭᠠᠲᠦ ᠰᠡᠳᠭᠦᠯ
>
ᠮᠣᠩᠭᠤᠯ ᠬᠡᠯᠡ ᠪᠢᠴᠢᠭ
>
ᠪᠠᠷᠠᠭᠤᠨ ᠮᠣᠩᠭᠤᠯ ᠰᠤᠳᠤᠯᠤᠯ
>
ᠣᠢᠷᠠᠳ ᠰᠤᠳᠤᠯᠤᠯ
>
ᠥᠪᠦᠷ ᠮᠣᠩᠭᠤᠯ ᠤ᠋ᠨ ᠰᠤᠷᠭᠠᠨ ᠬᠥᠮᠦᠵᠢᠯ
>
ᠮᠣᠩᠭᠤᠯ ᠬᠡᠯᠡ ᠪᠢᠴᠢᠭ ᠦ᠋ᠨ ᠰᠤᠳᠤᠯᠤᠯᠭᠠᠨ ᠤ᠋ ᠮᠠᠲ᠋ᠧᠷᠢᠶᠠᠯ ᠤ᠋ᠨ ᠡᠮᠬᠢᠳᠭᠡᠯ
>
ᠮᠣᠩᠭᠤᠯ ᠬᠡᠯᠡ ᠤᠳᠭ᠎ᠠ ᠵᠣᠬᠢᠶᠠᠯ ᠤ᠋ᠨ ᠰᠢᠨᠵᠢᠯᠡᠭᠡᠨ

ᠤᠯᠠᠮᠵᠢᠯᠠᠯᠲᠤ ᠮᠣᠩᠭᠤᠯ ᠤᠷᠤᠭ ᠬᠤᠷᠢᠮ ᠳ᠋ᠠᠬᠢ︽ ᠢᠨᠵᠢ ᠳᠠᠭᠠᠬᠤ︾ ᠶᠣᠰᠤᠨ ᠤ᠋ ᠲᠤᠬᠠᠢ ᠲᠣᠪᠴᠢ ᠥᠭᠦᠯᠡᠬᠦ ᠨᠢ

ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠮᠣᠩᠭᠤᠯ ᠬᠡᠯᠡ ᠪᠢᠴᠢᠭ -> 201708
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2018/08/28
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠦᠮᠦᠬᠤᠸᠠᠷ
ᠵᠠᠩᠭᠢᠯᠠᠭ᠎ᠠ ᠦᠭᠡ᠄ ᠮᠣᠩᠭᠤᠯᠴᠤᠳ ᠤᠯᠠᠮᠵᠢᠯᠠᠯᠲᠤ ᠤᠷᠤᠭ ᠬᠤᠷᠢᠮ ᠢᠨᠵᠢ ᠳᠠᠭᠠᠬᠤ ᠶᠣᠰᠤᠨ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ︽ᠢᠨᠵᠢ ᠳᠠᠭᠠᠬᠤ ᠶᠣᠰᠤᠨ︾ ᠪᠣᠯ ᠡᠷᠲᠡᠨ ᠡᠴᠡ ᠤᠯᠠᠮᠵᠢᠯᠠᠯ ᠲᠠᠢ ᠤᠷᠤᠭ ᠬᠤᠷᠢᠮ ᠤᠨ ᠶᠣᠰᠤ ᠵᠠᠩᠰᠢᠯ ᠮᠥᠨ ᠪᠥᠭᠡᠳ ᠡᠳᠦᠭᠡ ᠬᠦᠷᠲᠡᠯ᠎ᠡ ᠤᠯᠠᠮᠵᠢᠯᠠᠭᠳᠠᠭᠠᠰᠠᠢ ᠢᠷᠡᠵᠡᠢ᠃︽ ᠢᠨᠵᠢ ᠳᠠᠭᠠᠯᠲᠠ︾ ᠭᠡᠳᠡᠭ ᠨᠢᠥᠩᠭᠡᠷᠡᠭᠰᠡᠨ ᠳ᠋ᠦ᠍ ᠬᠠᠷᠢ ᠳ᠋ᠤ᠌ ᠮᠣᠷᠳᠠᠬᠤ ᠥᠬᠢᠨ ᠢ᠋ᠶ᠋ᠡᠨ ᠳᠠᠭᠠᠭᠤᠯᠵᠤ ᠥᠭᠳᠡᠭ ᠵᠠᠷᠤᠴᠠ ᠥᠬᠢᠨ ᠢ᠋ ᠵᠢᠭᠠᠳᠠᠭ ᠪᠠᠢᠭᠰᠠᠨ ᠪᠣᠯᠪᠠᠴᠤ ᠣᠷᠴᠢᠨ ᠦᠶ᠎ᠡ ᠳ᠋ᠦ᠍ ᠬᠦᠷᠴᠦ ᠢᠷᠡᠭᠡᠳ ᠬᠠᠷᠢ ᠳ᠋ᠤ᠌ ᠮᠣᠷᠳᠠᠭᠰᠠᠨ ᠥᠬᠢᠨ ᠢ᠋ᠶ᠋ᠡᠨ ᠳᠠᠭᠠᠭᠤᠯᠵᠤ ᠥᠭᠭᠦᠭᠰᠡᠨ ᠡᠳ᠋ ᠪᠣᠳᠠᠰ ᠢ᠋ ᠵᠢᠭᠠᠳᠠᠭ ᠪᠣᠯᠵᠠᠢ᠃ ᠡᠨᠡ ᠬᠦ ᠲᠡᠦᠬᠡᠨ ᠬᠥᠭᠵᠢᠯᠲᠡ ᠵᠢᠨ ᠶᠠᠪᠤᠴᠠ ᠳ᠋ᠤ᠌ ᠨᠡᠢᠭᠡᠮ ᠠᠬᠤᠢ ᠵᠢ ᠣᠯᠠᠨ ᠲᠠᠯ᠎ᠠ ᠵᠢᠨ ᠰᠢᠯᠲᠠᠭᠠᠨ ᠠ᠋ᠴᠠ ᠪᠣᠯᠵᠤ᠂ ᠶᠡᠬᠡᠬᠡᠨ ᠬᠤᠪᠢᠷᠠᠯᠲᠠ ᠭᠠᠷᠤᠭᠰᠠᠨ ᠪᠣᠯᠪᠠᠴᠤ ᠥᠬᠢᠨ ᠦᠷ᠎ᠡ ᠪᠡᠨ ᠰᠠᠨᠠᠳᠠᠭ ᠡᠴᠢᠭᠡ ᠡᠬᠡ ᠵᠢ ᠬᠠᠢᠷ᠎ᠠ ᠰᠡᠳᠭᠢᠯᠭᠡ ᠪᠣᠯᠤᠨ ᠬᠠᠷᠢ ᠳ᠋ᠤ᠌ ᠮᠣᠷᠳᠠᠬᠤ ᠥᠬᠢᠨ ᠳ᠋ᠡᠭᠡᠨ ᠥᠮᠴᠢ ᠬᠥᠷᠦᠩᠭᠡ ᠶ᠋ᠢ ᠨᠢ ᠬᠤᠪᠢᠶᠠᠵᠤ ᠥᠭᠳᠡᠭ ᠶᠣᠰᠤ ᠵᠠᠩᠰᠢᠯ ᠳ᠋ᠤ᠌ ᠶᠠᠮᠠᠷ ᠴᠤ᠌ ᠬᠤᠪᠢᠷᠠᠯᠲᠠ ᠭᠠᠷᠤᠭ᠎ᠠ ᠦᠭᠡᠢ᠂ ᠣᠯᠠᠨ ᠵᠠᠭᠤᠨ ᠵᠢᠯ ᠤᠯᠠᠮᠵᠢᠯᠠᠭᠳᠠᠭᠰᠠᠨ ᠪᠠᠢᠨ᠎ᠠ᠃ ᠲᠤᠰ ᠥᠭᠦᠯᠡᠯ ᠳ᠋ᠦ᠍︽ ᠢᠨᠵᠢ︾ ᠭᠡᠬᠦ ᠦᠭᠡ ᠵᠢᠨ ᠲᠡᠦᠬᠡᠨ ᠤᠯᠠᠷᠢᠯ ᠬᠤᠪᠢᠰᠤᠯ ᠠ᠋ᠴᠠ ᠭᠠᠷᠳᠠᠵᠤ᠂ ᠮᠣᠩᠭᠤᠯᠴᠤᠳ ᠤ᠋ᠨ ᠤᠷᠤᠭ ᠬᠤᠷᠢᠮ ᠤᠨ ᠶᠣᠰᠤ ᠵᠠᠩᠰᠢᠯ ᠳ᠋ᠤ᠌ ᠭᠦᠨ ᠦᠨᠳᠦᠰᠦ ᠬᠠᠳᠭᠤᠭᠰᠠᠨ︽ ᠢᠨᠵᠢ ᠳᠠᠭᠠᠬᠤ ᠶᠣᠰᠤᠨ︾ ᠢ᠋ ᠬᠠᠢᠨ ᠰᠦᠪᠡᠭᠴᠢᠯᠡᠵᠡᠢ᠃