ᠬᠣᠢᠲᠤ ᠭᠣᠷᠯᠤᠰ ᠤ᠋ᠨ ᠮᠣᠩᠭᠤᠯᠴᠤᠳ ᠤᠨ ᠠᠮᠠᠨ ᠶᠠᠷᠢᠶᠠᠨ ᠤ᠋ ᠦᠭᠡ ᠵᠢᠨ ᠰᠠᠩ ᠤᠨ ᠣᠨᠴᠠᠯᠢᠭ
ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠮᠣᠩᠭᠤᠯ ᠬᠡᠯᠡ ᠪᠢᠴᠢᠭ -> 201612
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2018/08/28
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠸᠠᠩ ᠭᠦᠸᠧ ᠪᠢᠨ ᠪᠣᠣ ᠱᠣ᠌ ᠯᠠᠨ
ᠵᠠᠩᠭᠢᠯᠠᠭ᠎ᠠ ᠦᠭᠡ᠄ ᠬᠣᠷᠴᠢᠨ ᠠᠮᠠᠨ ᠠᠶᠠᠯᠭᠤ︔ ᠬᠣᠢᠲᠤ ᠭᠣᠷᠯᠤᠰ ᠤ᠋ᠨ ᠮᠣᠩᠭᠤᠯᠴᠤᠳ ᠤᠨ ᠠᠮᠠᠨ ᠶᠠᠷᠢᠶ᠎ᠠ
ᠰᠠᠭᠤᠷᠢ ᠮᠥᠩᠭᠦᠨ ᠤ᠋ ᠳᠡᠮᠵᠢᠯᠭᠡ᠄ ᠲᠦᠩᠯᠢᠶᠣᠤ ᠬᠣᠲᠠ ᠵᠢᠨ ᠬᠣᠷᠴᠢᠨ ᠵᠡᠭᠦᠨ ᠭᠠᠷᠤᠨ ᠬᠣᠢᠲᠤ ᠬᠣᠰᠢᠭᠤᠨ ᠤ᠋ ᠭᠠᠵᠠᠷ ᠰᠢᠷᠤᠢ ᠵᠢᠨ ᠡᠬᠢ ᠪᠠᠶᠠᠯᠢᠭ ᠤᠨ ᠲᠣᠪᠴᠢᠶ᠎ᠠ ᠲᠤᠰ ᠥᠭᠦᠯᠡᠯ ᠪᠣᠯ ᠤᠯᠤᠰ ᠤᠨ ᠨᠡᠢᠭᠡᠮ ᠦ᠋ᠨ ᠰᠢᠨᠵᠢᠯᠡᠬᠦ ᠤᠬᠠᠭᠠᠨ ᠤ᠋ ᠹᠤᠨᠳ᠋ ᠤᠨ ᠲᠥᠰᠦᠯ︱︽ ᠮᠣᠩᠭᠤᠯ ᠬᠡᠯᠡᠨ ᠦ᠌ ᠬᠣᠷᠴᠢᠨ ᠠᠮᠠᠨ ᠠᠶᠠᠯᠭᠤᠨ ᠤ᠋ ᠮᠠᠲ᠋ᠧᠷᠢᠶᠠᠯ ᠤᠨ ᠬᠥᠮᠦᠷᠭᠡ ᠵᠢᠨ ᠴᠣᠭᠴᠠᠯᠠᠯᠲᠠ︾︵ ᠵᠥᠪᠰᠢᠶᠡᠷᠡᠭᠰᠡᠨ ᠳ᠋ᠤᠭᠠᠷ᠄ 12CM201︶ ᠵᠢᠨ ᠬᠡᠰᠡᠭ ᠠᠭᠤᠯᠭ᠎ᠠ ᠮᠥᠨ᠃
ᠠᠭᠤᠯᠭ᠎ᠠ ᠶ᠋ᠢᠨ ᠲᠣᠪᠴᠢ᠄ ᠬᠣᠢᠲᠤ ᠭᠣᠷᠯᠤᠰ ᠤ᠋ᠨ ᠮᠣᠩᠭᠤᠯᠴᠤᠳ ᠤᠨ ᠠᠮᠠᠨ ᠶᠠᠷᠢᠶ᠎ᠠ ᠪᠣᠯ ᠬᠣᠷᠴᠢᠨ ᠠᠮᠠᠨ ᠠᠶᠠᠯᠭᠤᠨ ᠤ᠋ ᠳᠣᠲᠤᠷᠠᠬᠢ ᠬᠢᠲᠠᠳ ᠬᠡᠯᠡᠨ ᠦ᠌ ᠨᠥᠯᠦᠭᠡ ᠶ᠋ᠢ ᠶᠡᠬᠡᠬᠡᠨ ᠬᠦᠷᠲᠡᠭᠰᠡᠨ᠂ ᠨᠡᠯᠢᠶᠡᠳ ᠥᠪᠡᠷᠮᠢᠴᠡ ᠣᠨᠴᠠᠯᠢᠭ ᠪᠦᠬᠦᠢ ᠠᠮᠠᠨ ᠶᠠᠷᠢᠶ᠎ᠠ ᠶᠤᠮ᠃ ᠥᠭᠦᠯᠡᠯ ᠳ᠋ᠦ᠍ ᠤᠷᠢᠳᠤᠬᠢ ᠡᠷᠳᠡᠮᠲᠡᠳ ᠦ᠋ᠨ ᠮᠣᠩᠭᠤᠯ ᠬᠡᠯᠡ ᠠᠶᠠᠯᠭᠤᠨ ᠤ᠋ ᠲᠤᠬᠠᠢ ᠰᠤᠳᠤᠯᠭᠠᠨ ᠤ᠋ ᠪᠦᠲᠦᠭᠡᠯ ᠪᠣᠯᠤᠨ ᠬᠡᠭᠡᠷ᠎ᠡ ᠵᠢᠨ ᠪᠠᠢᠴᠠᠭᠠᠯᠲᠠ ᠵᠢᠨ ᠮᠠᠲ᠋ᠧᠷᠢᠶᠠᠯ ᠢ᠋ᠶ᠋ᠠᠷ ᠦᠨᠳᠦᠰᠦᠯᠡᠯ ᠪᠣᠯᠭᠠᠵᠤ᠂ ᠬᠣᠢᠲᠤ ᠭᠣᠷᠯᠤᠰ ᠤ᠋ᠨ ᠮᠣᠩᠭᠤᠯᠴᠤᠳ ᠤᠨ ᠠᠮᠠᠨ ᠶᠠᠷᠢᠶᠠᠨ ᠤ᠋ ᠦᠭᠡ ᠵᠢᠨ ᠰᠠᠩ ᠤᠨ ᠣᠨᠴᠠᠯᠢᠭ ᠢ᠋ ᠪᠣᠳᠠᠲᠠᠢ ᠦᠭᠡᠰ ᠢ᠋ᠶ᠋ᠠᠷ ᠲᠣᠳᠤᠷᠠᠭᠤᠯᠪᠠ᠃