ᠬᠤᠭᠤᠴᠠᠭᠠᠲᠦ ᠰᠡᠳᠭᠦᠯ
>
ᠮᠣᠩᠭᠤᠯ ᠬᠡᠯᠡ ᠪᠢᠴᠢᠭ
>
ᠪᠠᠷᠠᠭᠤᠨ ᠮᠣᠩᠭᠤᠯ ᠰᠤᠳᠤᠯᠤᠯ
>
ᠣᠢᠷᠠᠳ ᠰᠤᠳᠤᠯᠤᠯ
>
ᠥᠪᠦᠷ ᠮᠣᠩᠭᠤᠯ ᠤ᠋ᠨ ᠰᠤᠷᠭᠠᠨ ᠬᠥᠮᠦᠵᠢᠯ
>
ᠮᠣᠩᠭᠤᠯ ᠬᠡᠯᠡ ᠪᠢᠴᠢᠭ ᠦ᠋ᠨ ᠰᠤᠳᠤᠯᠤᠯᠭᠠᠨ ᠤ᠋ ᠮᠠᠲ᠋ᠧᠷᠢᠶᠠᠯ ᠤ᠋ᠨ ᠡᠮᠬᠢᠳᠭᠡᠯ
>
ᠮᠣᠩᠭᠤᠯ ᠬᠡᠯᠡ ᠤᠳᠭ᠎ᠠ ᠵᠣᠬᠢᠶᠠᠯ ᠤ᠋ᠨ ᠰᠢᠨᠵᠢᠯᠡᠭᠡᠨ

ᠰᠢᠨ᠎ᠡ ᠵᠠᠭᠤᠴᠢᠯᠠᠭᠤᠷ ᠤ᠋ᠨ ᠣᠷᠴᠢᠨ ᠳ᠋ᠤ᠌ ᠮᠣᠩᠭᠤᠯ ᠬᠡᠯᠡ ᠪᠢᠴᠢᠭ ᠦ᠋ᠨ ᠰᠤᠷᠴᠤ ᠬᠡᠷᠡᠭᠯᠡᠬᠦ ᠶ᠋ᠢ ᠴᠢᠩᠭᠠᠳᠭᠠᠬᠤ ᠲᠤᠬᠠᠢ

ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠮᠣᠩᠭᠤᠯ ᠬᠡᠯᠡ ᠪᠢᠴᠢᠭ -> 201701
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2018/08/28
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠸᠠᠩ ᠴᠢᠩ ᠶᠠᠨ
ᠵᠠᠩᠭᠢᠯᠠᠭ᠎ᠠ ᠦᠭᠡ᠄ ᠰᠢᠨ᠎ᠡ ᠵᠠᠭᠤᠴᠢᠯᠠᠭᠤᠷ︔ ᠮᠣᠩᠭᠤᠯ ᠬᠡᠯᠡ ᠦᠰᠦᠭ ᠪᠢᠴᠢᠭ︔ ᠰᠢᠨ᠎ᠡ ᠶ᠋ᠢ ᠡᠭᠦᠳᠬᠦ
ᠰᠠᠭᠤᠷᠢ ᠮᠥᠩᠭᠦᠨ ᠤ᠋ ᠳᠡᠮᠵᠢᠯᠭᠡ᠄ ᠲᠤᠰ ᠥᠭᠦᠯᠡᠯ ᠪᠣᠯ2015 ᠣᠨ ᠤ᠋ ᠤᠯᠤᠰ ᠤᠨ ᠦᠨᠳᠦᠰᠦᠲᠡᠨ ᠦ᠌ ᠵᠥᠪᠯᠡᠯ ᠦ᠋ᠨ ᠦᠨᠳᠦᠰᠦᠲᠡᠨ ᠦ᠌ ᠠᠰᠠᠭᠤᠳᠠᠯ ᠤ᠋ᠨ ᠲᠤᠬᠠᠢ ᠰᠤᠳᠤᠯᠭᠠᠨ ᠤ᠋ ᠰᠡᠳᠦᠪ︱︽ ᠥᠪᠦᠷ ᠮᠣᠩᠭᠤᠯ ᠤᠨ ᠲᠠᠯ᠎ᠠ ᠨᠤᠲᠤᠭ ᠤ᠋ᠨ ᠰᠣᠶᠤᠯ ᠤ᠋ᠨ ᠡᠬᠢ ᠪᠠᠶᠠᠯᠢᠭ ᠤ᠋ᠨ ᠵᠠᠭᠤᠴᠢᠯᠠᠭᠤᠷ ᠤ᠋ᠨ ᠭᠦᠨᠴᠡ ᠨᠡᠭᠡᠭᠡᠯᠲᠡ ᠵᠢᠨ ᠰᠤᠳᠤᠯᠭᠠᠨ︾ ᠤ᠋ ᠱᠠᠲᠤᠴᠢ ᠴᠢᠨᠠᠷᠲᠠᠢ ᠪᠦᠲᠦᠭᠡᠯ ᠮᠥᠨ᠃ ᠵᠥᠪᠰᠢᠶᠡᠷᠡᠭᠰᠡᠨ ᠳ᠋ᠤᠭᠠᠷ ᠄2015|GM|032
ᠠᠭᠤᠯᠭ᠎ᠠ ᠶ᠋ᠢᠨ ᠲᠣᠪᠴᠢ᠄ ᠰᠢᠨ᠎ᠡ ᠵᠠᠭᠤᠴᠢᠯᠠᠭᠤᠷ ᠨᠢ ᠨᠡᠢᠭᠡᠮ ᠦ᠋ᠨ ᠡᠯ᠎ᠡ ᠡᠲᠡᠭᠡᠳ ᠦ᠋ᠨ ᠠᠮᠢᠳᠤᠷᠠᠯ᠂ ᠰᠣᠶᠤᠯ᠂ ᠰᠤᠷᠭᠠᠨ ᠬᠥᠮᠦᠵᠢᠯ ᠵᠡᠷᠭᠡ ᠶ᠋ᠢ ᠲᠣᠣᠷ ᠰᠦᠯᠵᠢᠶ᠎ᠡ ᠪᠡᠷ ᠨᠢᠭᠡ ᠴᠣᠭᠴᠠ ᠪᠣᠯᠭᠠᠵᠤ᠂ ᠪᠦᠬᠦᠢ ᠯᠡ ᠨᠡᠢᠭᠡᠮ ᠦ᠋ᠨ ᠬᠥᠭᠵᠢᠯᠲᠡ ᠵᠢᠨ ᠤᠷᠤᠰᠭᠠᠯ ᠢ᠋ ᠬᠥᠲᠦᠯᠵᠦ ᠪᠠᠢᠨ᠎ᠠ᠃ ᠮᠣᠩᠭᠤᠯ ᠬᠡᠯᠡ ᠦᠰᠦᠭ ᠪᠢᠴᠢᠭ ᠤᠨ ᠠᠮᠢᠵᠢᠷᠠᠯ ᠤ᠋ᠨ ᠬᠦᠴᠦᠨ ᠢ᠋ ᠥᠨᠢ ᠤᠳᠠᠭᠠᠨ ᠬᠠᠳᠠᠭᠠᠯᠠᠶ᠎ᠠ ᠭᠡᠪᠡᠯ ᠨᠡᠢᠭᠡᠮ ᠦ᠋ᠨ ᠬᠥᠭᠵᠢᠯᠲᠡ ᠵᠢᠨ ᠬᠠᠨᠳᠤᠰᠢ ᠲᠠᠢ ᠵᠣᠬᠢᠴᠠᠭᠤᠯᠵᠤ᠂ ᠰᠢᠨ᠎ᠡ ᠵᠠᠭᠤᠴᠢᠯᠠᠭᠤᠷ ᠤ᠋ᠨ ᠢᠯᠡᠳᠭᠡᠬᠦ ᠠᠷᠭ᠎ᠠ ᠬᠡᠯᠪᠡᠷᠢ ᠶ᠋ᠢ ᠠᠰᠢᠭᠯᠠᠬᠤ ᠬᠡᠷᠡᠭᠲᠡᠢ᠃ ᠮᠣᠩᠭᠤᠯ ᠬᠡᠯᠡ ᠦᠰᠦᠭ ᠪᠢᠴᠢᠭ ᠦ᠋ᠨ ᠰᠤᠷᠴᠤ ᠬᠡᠷᠡᠭᠯᠡᠬᠦ ᠳ᠋ᠦ᠍ ᠰᠢᠨ᠎ᠡ ᠵᠠᠭᠤᠴᠢᠯᠠᠭᠤᠷ ᠠ᠋ᠴᠠ ᠣᠯᠭᠤᠭᠰᠠᠨ ᠤᠷᠢᠳᠤ ᠡᠮᠦᠨ᠎ᠡ ᠭᠠᠷᠤᠭᠠᠳᠤᠢ ᠬᠥᠭᠵᠢᠯᠲᠡ ᠵᠢᠨ ᠠᠵᠠ ᠲᠣᠬᠢᠶᠠᠯ ᠢ᠋ ᠡᠵᠡᠮᠳᠡᠵᠦ᠂ ᠦᠢ ᠲᠦᠮᠡᠨ ᠦ᠌ ᠰᠢᠨ᠎ᠡ ᠶ᠋ᠢ ᠡᠭᠦᠳᠬᠦ ᠠᠭᠤᠷ ᠠᠮᠢᠰᠭᠤᠯ ᠢ᠋ ᠪᠣᠢ ᠪᠣᠯᠭᠠᠵᠤ᠂ ᠬᠠᠮᠲᠤ ᠪᠠᠷ ᠡᠳ᠋ᠯᠡᠬᠦ ᠨᠡᠭᠡᠭᠡᠯᠲᠡ ᠲᠠᠢ ᠲᠠᠪᠴᠠᠩ ᠢ᠋ ᠪᠠᠢᠭᠤᠯᠵᠤ᠂ ᠣᠭᠢ ᠰᠢᠯᠢᠳᠡᠭ ᠪᠦᠲᠦᠭᠡᠭᠳᠡᠬᠦᠨ ᠢ᠋ ᠭᠠᠷᠭᠠᠵᠤ ᠂ ᠰᠢᠨ᠎ᠡ ᠵᠠᠭᠤᠴᠢᠯᠠᠭᠤᠷ ᠪᠠ ᠮᠣᠩᠭᠤᠯ ᠬᠡᠯᠡ ᠦᠰᠦᠭ ᠪᠢᠴᠢᠭ ᠦ᠋ᠨ ᠡᠬᠢ ᠪᠠᠶᠠᠯᠢᠭ ᠤ᠋ᠨ ᠨᠡᠢᠯᠡᠭ ᠬᠥᠭᠵᠢᠯᠲᠡ ᠶ᠋ᠢ ᠠᠬᠢᠭᠤᠯᠪᠠᠯ ᠵᠣᠬᠢᠨ᠎ᠠ᠃