ᠮᠣᠩᠭᠤᠯ ᠬᠢᠴᠢᠶᠡᠯᠯᠡᠭᠡ ᠵᠢᠨ ᠬᠡᠯᠡ ᠶ᠋ᠢ ᠳᠦᠷᠢᠮᠵᠢᠭᠦᠯᠬᠦ ᠠᠰᠠᠭᠤᠳᠠᠯ ᠤ᠋ᠨ ᠲᠤᠬᠠᠢ ᠳᠥᠭᠦᠮ ᠥᠭᠦᠯᠡᠬᠦ ᠨᠢ
ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠮᠣᠩᠭᠤᠯ ᠬᠡᠯᠡ ᠪᠢᠴᠢᠭ -> 201712
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2018/08/29
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠭᠡᠭᠡᠨᠲᠠᠨ᠎ᠠ
ᠵᠠᠩᠭᠢᠯᠠᠭ᠎ᠠ ᠦᠭᠡ᠄ ᠬᠢᠴᠢᠶᠡᠯᠯᠡᠭᠡ ᠵᠢᠨ ᠬᠡᠯᠡ ᠮᠣᠩᠭᠤᠯ ᠬᠡᠯᠡ ᠬᠡᠯᠡᠨ ᠦ᠌ ᠳᠦᠷᠢᠮᠵᠢᠯ
ᠰᠠᠭᠤᠷᠢ ᠮᠥᠩᠭᠦᠨ ᠤ᠋ ᠳᠡᠮᠵᠢᠯᠭᠡ᠄ ᠲᠤᠰ ᠥᠭᠦᠯᠡᠯ ᠪᠣᠯ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ᠋ ᠰᠤᠷᠭᠠᠨ ᠬᠥᠮᠦᠵᠢᠯ ᠦ᠋ᠨ ᠲᠢᠩᠬᠢᠮ ᠦ᠋ᠨ ᠰᠤᠳᠤᠯᠭᠠᠨ ᠤ᠋ ᠰᠡᠳᠦᠪ︱︽ ᠮᠣᠩᠭᠤᠯ ᠬᠡᠯᠡᠨ ᠦ᠌ ᠳᠦᠷᠢᠮᠵᠢᠯ ᠦ᠋ᠨ ᠰᠤᠳᠤᠯᠭᠠᠨ︾ ᠤ᠋ ᠬᠡᠰᠡᠭ ᠠᠭᠤᠯᠭ᠎ᠠ ᠮᠥᠨ᠃ ᠵᠥᠪᠰᠢᠶᠡᠷᠡᠭᠰᠡᠨ ᠨᠣᠮᠧᠷ᠄ NJSY16278
ᠠᠭᠤᠯᠭ᠎ᠠ ᠶ᠋ᠢᠨ ᠲᠣᠪᠴᠢ᠄ ᠰᠤᠷᠭᠠᠭᠤᠯᠢ ᠪᠣᠯ ᠰᠤᠷᠤᠭᠴᠢ ᠵᠢᠨ ᠬᠡᠯᠡ ᠬᠤᠷᠠᠮᠳᠤᠭᠤᠯᠬᠤ ᠴᠢᠬᠤᠯᠠ ᠱᠠᠲᠤ ᠦᠶ᠎ᠡ ᠪᠣᠯᠬᠣᠷ ᠲᠡᠳᠡᠨ ᠦ᠌ ᠬᠣᠵᠢᠮ ᠤ᠋ᠨ ᠠᠮᠢᠳᠤᠷᠠᠬᠤᠢ ᠶ᠋ᠢ ᠨᠢ ᠰᠢᠭᠤᠳ ᠨᠥᠯᠦᠭᠡᠯᠡᠳᠡᠭ᠃ ᠣᠳᠣᠬᠠᠨ ᠳ᠋ᠤ᠌ ᠰᠤᠷᠭᠠᠭᠤᠯᠢ ᠵᠢᠨ ᠵᠢᠭᠠᠨ ᠰᠤᠷᠭᠠᠯᠲᠠ ᠳ᠋ᠤ᠌ ᠪᠠᠭᠰᠢ ᠨᠠᠷ ᠤ᠋ᠨ ᠬᠡᠯᠡ ᠶᠠᠷᠢᠶ᠎ᠠ ᠨᠢ ᠪᠠᠷᠢᠮᠵᠢᠶ᠎ᠠ ᠠᠪᠢᠶᠠᠨ ᠤ᠋ ᠪᠤᠰᠤ᠂ ᠨᠡᠷ᠎ᠡ ᠲᠣᠮᠢᠶ᠎ᠠ ᠪᠣᠯᠤᠨ ᠬᠡᠯᠡ ᠬᠡᠯᠡᠯᠭᠡ ᠶ᠋ᠢ ᠳᠤᠷ᠎ᠠ ᠪᠠᠷ ᠢ᠋ᠶ᠋ᠡᠨ ᠬᠡᠷᠡᠭᠯᠡᠵᠦ ᠪᠠᠢᠵᠤ ᠵᠡᠷᠭᠡ ᠦᠵᠡᠭᠳᠡᠯ ᠣᠷᠤᠰᠢᠵᠤ ᠪᠣᠢ᠃ ᠡᠢᠮᠦ ᠡᠴᠡ ᠰᠤᠷᠭᠠᠭᠤᠯᠢ ᠵᠢᠨ ᠲᠠᠯ᠎ᠠ ᠠ᠋ᠴᠠ ᠵᠠᠪᠠᠯ ᠮᠣᠩᠭᠤᠯ ᠬᠡᠯᠡ ᠦᠰᠦᠭ ᠪᠢᠴᠢᠭ ᠦ᠋ᠨ ᠳᠦᠷᠢᠮᠵᠢᠯ ᠦ᠋ᠨ ᠠᠵᠢᠯᠯᠠᠭ᠎ᠠ ᠶ᠋ᠢ ᠬᠦᠴᠦᠲᠡᠢ ᠥᠷᠨᠢᠭᠦᠯᠵᠦ᠂ ᠪᠠᠭᠰᠢ ᠰᠤᠷᠤᠭᠴᠢᠳ ᠤ᠋ᠨ ᠮᠣᠩᠭᠤᠯ ᠬᠡᠯᠡ ᠦᠰᠦᠭ ᠪᠢᠴᠢᠭ ᠢ᠋ᠶ᠋ᠡᠨ ᠳᠦᠷᠢᠮᠵᠢᠯ ᠲᠠᠢ ᠬᠡᠷᠡᠭᠯᠡᠬᠦ ᠤᠬᠠᠮᠰᠠᠷ ᠢ᠋ ᠨᠢ ᠳᠡᠭᠡᠭᠰᠢᠯᠡᠭᠦᠯᠬᠦ ᠬᠡᠷᠡᠭᠲᠡᠢ᠃