ᠲᠦᠩ ᠢᠦᠢ ᠰᠢᠶᠠᠨ ᠤ᠋ ᠮᠣᠩᠭᠤᠯᠴᠤᠳ ᠤ᠋ᠨ ᠬᠤᠪᠢ ᠬᠥᠮᠦᠨ ᠦ᠌ ᠮᠣᠩᠭᠤᠯ ᠬᠡᠯᠡᠨ ᠦ᠌ ᠬᠡᠷᠡᠭᠯᠡᠭᠡᠨ ᠦ᠌ ᠪᠠᠢᠳᠠᠯ
ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠮᠣᠩᠭᠤᠯ ᠬᠡᠯᠡ ᠪᠢᠴᠢᠭ -> 201606
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2018/08/27
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠰᠡᠷᠭᠦᠯᠡᠩ ᠲᠤᠯᠭᠠᠭᠤᠷᠢ ᠸᠠᠩ ᠭᠦᠸᠧ ᠪᠢᠨ
ᠵᠠᠩᠭᠢᠯᠠᠭ᠎ᠠ ᠦᠭᠡ᠄ ᠲᠦᠩ ᠢᠦᠢ ᠰᠢᠶᠠᠨ︔ ᠮᠣᠩᠭᠤᠯ ᠬᠡᠯᠡ︔ ᠬᠡᠷᠡᠭᠯᠡᠭᠡᠨ ᠦ᠌ ᠪᠠᠢᠳᠠᠯ
ᠰᠠᠭᠤᠷᠢ ᠮᠥᠩᠭᠦᠨ ᠤ᠋ ᠳᠡᠮᠵᠢᠯᠭᠡ᠄ ᠲᠤᠰ ᠥᠭᠦᠯᠡᠯ ᠪᠣᠯ ᠤᠯᠤᠰ ᠤᠨ ᠨᠡᠢᠭᠡᠮ ᠦ᠋ᠨ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠰᠡᠳᠦᠪ︱︽ ᠮᠣᠩᠭᠤᠯ ᠬᠡᠯᠡᠨ ᠦ᠌ ᠬᠣᠷᠴᠢᠨ ᠠᠮᠠᠨ ᠠᠶᠠᠯᠭᠤᠨ ᠤ᠋ ᠮᠠᠲ᠋ᠧᠷᠢᠶᠠᠯ ᠦ᠋ᠨ ᠬᠥᠮᠦᠷᠭᠡ ᠵᠢᠨ ᠴᠣᠭᠴᠠᠯᠠᠯᠲᠠ︾ ᠵᠢᠨ ᠬᠡᠰᠡᠭ ᠠᠭᠤᠯᠭ᠎ᠠ ᠮᠥᠨ᠃ ᠵᠥᠪᠰᠢᠶᠡᠷᠡᠭᠰᠡᠨ ᠨᠣᠮᠧᠷ᠄ 12CMZ010
ᠠᠭᠤᠯᠭ᠎ᠠ ᠶ᠋ᠢᠨ ᠲᠣᠪᠴᠢ᠄ ᠲᠦᠩ ᠢᠦᠢ ᠰᠢᠶᠠᠨ ᠤ᠋ ᠮᠣᠩᠭᠤᠯᠴᠤᠳ ᠤ᠋ᠨ ᠬᠡᠯᠡ ᠬᠡᠷᠡᠭᠯᠡᠭᠡᠨ ᠦ᠌ ᠣᠳᠣᠬᠢ ᠪᠠᠢᠳᠠᠯ ᠢ᠋ ᠣᠢᠯᠠᠭᠠᠬᠤ ᠵᠢᠨ ᠲᠥᠯᠦᠭᠡ ᠲᠦᠩ ᠢᠦᠢ ᠰᠢᠶᠠᠨ ᠤ᠋ ᠰᠢᠶᠠᠩ ᠪᠠᠯᠭᠠᠰᠤ᠂ ᠭᠠᠴᠠᠭ᠎ᠠ ᠲᠣᠰᠭᠤᠨ ᠢ᠋ᠶ᠋ᠠᠷ ᠪᠠᠢᠴᠠᠭᠠᠯᠲᠠ ᠬᠢᠪᠡ᠃ ᠡᠭᠦᠨ ᠦ᠌ ᠪᠡᠨ ᠰᠠᠭᠤᠷᠢᠨ ᠳᠡᠭᠡᠷ᠎ᠡ ᠲᠦᠩ ᠢᠦᠢ ᠰᠢᠶᠠᠨ ᠤ᠋ ᠮᠣᠩᠭᠤᠯᠴᠤᠳ ᠤ᠋ᠨ ᠭᠡᠷ ᠪᠦᠯᠢ ᠵᠢᠨ ᠬᠠᠷᠢᠯᠴᠠᠭᠠᠨ ᠳ᠋ᠠᠬᠢ ᠬᠡᠯᠡ ᠬᠡᠷᠡᠭᠯᠡᠭᠡᠨ ᠦ᠌ ᠪᠠᠢᠳᠠᠯ᠂ ᠰᠣᠶᠤᠯ ᠤᠨ ᠠᠮᠢᠳᠤᠷᠠᠯ ᠤ᠋ᠨ ᠬᠡᠷᠡᠭᠴᠡᠭᠡᠨ ᠳ᠋ᠡᠬᠢ ᠬᠡᠯᠡ ᠬᠡᠷᠡᠭᠯᠡᠭᠡᠨ ᠦ᠌ ᠪᠠᠢᠳᠠᠯ ᠪᠣᠯᠤᠨ ᠨᠡᠢᠭᠡᠮ ᠦ᠋ᠨ ᠬᠠᠷᠢᠯᠴᠠᠭᠠᠨ ᠳ᠋ᠠᠬᠢ ᠬᠡᠯᠡ ᠬᠡᠷᠡᠭᠯᠡᠭᠡᠨ ᠦ᠌ ᠪᠠᠢᠳᠠᠯ ᠢ᠋ ᠰᠢᠨᠵᠢᠯᠡᠨ ᠰᠤᠳᠤᠯᠵᠠᠢ᠃