ᠬᠤᠭᠤᠴᠠᠭᠠᠲᠦ ᠰᠡᠳᠭᠦᠯ
>
ᠮᠣᠩᠭᠤᠯ ᠬᠡᠯᠡ ᠪᠢᠴᠢᠭ
>
ᠪᠠᠷᠠᠭᠤᠨ ᠮᠣᠩᠭᠤᠯ ᠰᠤᠳᠤᠯᠤᠯ
>
ᠣᠢᠷᠠᠳ ᠰᠤᠳᠤᠯᠤᠯ
>
ᠥᠪᠦᠷ ᠮᠣᠩᠭᠤᠯ ᠤ᠋ᠨ ᠰᠤᠷᠭᠠᠨ ᠬᠥᠮᠦᠵᠢᠯ
>
ᠮᠣᠩᠭᠤᠯ ᠬᠡᠯᠡ ᠪᠢᠴᠢᠭ ᠦ᠋ᠨ ᠰᠤᠳᠤᠯᠤᠯᠭᠠᠨ ᠤ᠋ ᠮᠠᠲ᠋ᠧᠷᠢᠶᠠᠯ ᠤ᠋ᠨ ᠡᠮᠬᠢᠳᠭᠡᠯ
>
ᠮᠣᠩᠭᠤᠯ ᠬᠡᠯᠡ ᠤᠳᠭ᠎ᠠ ᠵᠣᠬᠢᠶᠠᠯ ᠤ᠋ᠨ ᠰᠢᠨᠵᠢᠯᠡᠭᠡᠨ

ᠪᠣᠣ ᠠᠨ ᠬᠡᠯᠡᠨ ᠦ᠌ ᠬᠠᠮᠵᠢᠬᠤ ᠭᠡᠢᠭᠦᠯᠦᠭᠴᠢ ᠵᠢᠨ ᠮᠣᠳᠧᠯ ᠤ᠋ᠨ ᠰᠤᠳᠤᠯᠤᠯ

ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠮᠣᠩᠭᠤᠯ ᠬᠡᠯᠡ ᠪᠢᠴᠢᠭ -> 201606
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2018/08/27
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠪᠣᠷᠵᠢᠭᠢᠨ ᠳᠡᠭᠵᠢᠷᠡᠬᠦ
ᠵᠠᠩᠭᠢᠯᠠᠭ᠎ᠠ ᠦᠭᠡ᠄ ᠪᠣᠣ ᠠᠨ ᠬᠡᠯᠡ︔ᠬᠠᠮᠵᠢᠬᠤ ᠭᠡᠢᠭᠦᠯᠦᠭᠴᠢ︔ ᠮᠣᠳᠧᠯ ᠤ᠋ᠨ ᠰᠤᠳᠤᠯᠤᠯ
ᠰᠠᠭᠤᠷᠢ ᠮᠥᠩᠭᠦᠨ ᠤ᠋ ᠳᠡᠮᠵᠢᠯᠭᠡ᠄ ᠲᠤᠰ ᠥᠭᠦᠯᠡᠯ ᠪᠣᠯ ᠤᠯᠤᠰ ᠤ᠋ᠨ ᠨᠡᠢᠭᠡᠮ ᠦ᠋ᠨ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠰᠡᠳᠦᠪ︱︽ ᠳ᠋ᠠᠢᠲ᠋ᠠ ᠬᠥᠮᠦᠷᠭᠡᠨ ᠳ᠋ᠦ᠍ ᠰᠠᠭᠤᠷᠢᠯᠠᠭᠰᠠᠨ ᠳ᠋ᠦᠩᠰᠢᠶᠠᠩ ᠬᠡᠯᠡᠨ ᠦ᠌ ᠳᠠᠭᠤᠨ ᠰᠤᠳᠤᠯᠤᠯ︾︵ ᠵᠥᠪᠰᠢᠶᠡᠷᠡᠭᠰᠡᠨ ᠨᠣᠮᠧᠷ ᠄ 12BYY106︶ ᠪᠣᠯᠤᠨ ᠪᠠᠷᠠᠭᠤᠨ ᠬᠣᠢᠲᠤ ᠵᠢᠨ ᠦᠨᠳᠦᠰᠦᠲᠡᠨ ᠦ᠌ ᠶᠡᠬᠡ ᠰᠤᠷᠭᠠᠭᠤᠯᠢ ᠵᠢᠨ2014 ᠣᠨ ᠤ᠋ ᠠᠰᠫᠢᠷᠠᠨᠲ ᠤ᠋ᠨ ᠰᠢᠨᠵᠢᠯᠡᠭᠡᠨ ᠦ᠌ ᠰᠢᠨ᠎ᠡ ᠶ᠋ᠢ ᠡᠭᠦᠳᠬᠦ ᠲᠥᠰᠦᠪ ᠦ᠋ᠨ ᠰᠡᠳᠦᠪ︱︽ ᠳ᠋ᠠᠢᠲ᠋ᠠ ᠬᠥᠮᠦᠷᠭᠡᠨ ᠳ᠋ᠦ᠍ ᠰᠠᠭᠤᠷᠢᠯᠠᠭᠰᠠᠨ ᠪᠣᠣ ᠠᠨ ᠬᠡᠯᠡᠨ ᠦ᠌ ᠡᠭᠡᠰᠢᠭ ᠦ᠋ᠨ ᠳᠠᠭᠤᠨ ᠤᠬᠠᠭᠠᠨ ᠤ᠋ ᠰᠤᠳᠤᠯᠤᠯ︾︵ ᠵᠥᠪᠰᠢᠶᠡᠷᠡᠭᠰᠡᠨ ᠨᠣᠮᠧᠷ᠄YXM2014135︶ ᠤᠨ ᠬᠡᠰᠡᠭ ᠠᠭᠤᠯᠭ᠎ᠠ ᠮᠥᠨ᠃
ᠠᠭᠤᠯᠭ᠎ᠠ ᠶ᠋ᠢᠨ ᠲᠣᠪᠴᠢ᠄ ᠲᠤᠰ ᠥᠭᠦᠯᠡᠯ ᠳ᠋ᠦ᠍ ᠠᠪᠢᠶᠠᠨ ᠤ᠋ ᠮᠣᠳᠧᠯ ᠤᠨ ᠣᠨᠤᠯ ᠪᠠ ᠭᠡᠢᠭᠦᠯᠦᠭᠴᠢ ᠵᠢᠨ ᠮᠣᠳᠧᠯ ᠤ᠋ᠨ ᠣᠨᠤᠯ ᠤ᠋ᠨ ᠵᠣᠭᠰᠤᠴᠠ ᠠ᠋ᠴᠠ ᠨᠢ ᠨᠠᠨ ᠺᠠᠢ ᠶᠡᠬᠡ ᠰᠤᠷᠭᠠᠭᠤᠯᠢ ᠵᠢᠨ ᠰᠤᠳᠤᠯᠤᠨ ᠦᠢᠯᠡᠳᠦᠭᠰᠡᠨ ᠺᠣᠮᠫᠢᠦ᠋ᠲ᠋ᠧᠷ ᠤ᠋ᠨ ᠠᠪᠢᠶᠠᠨ ᠤ᠋ ᠵᠠᠳᠠᠯᠤᠯᠲᠠ ᠵᠢᠨ ᠵᠥᠭᠡᠯᠡᠨ ᠲᠣᠨᠤᠭ︱︽ ᠠᠪᠢᠶᠠᠨ ᠤ᠋ ᠠᠵᠢᠯᠯᠠᠭᠠᠨ ᠤ᠋ ᠥᠷᠦᠭᠡ︾︵Mini-Speech-Lad︶ ᠶ᠋ᠢ ᠬᠡᠷᠡᠭᠯᠡᠵᠦ᠂ ᠮᠣᠩᠭᠤᠯ ᠲᠥᠷᠦᠯ ᠦ᠋ᠨ ᠪᠣᠣ ᠠᠨ ᠬᠡᠯᠡᠨ ᠦ᠌ ᠬᠠᠮᠵᠢᠬᠤ ᠭᠡᠢᠭᠦᠯᠦᠭᠴᠢ ᠵᠢᠨ ᠠᠪᠢᠶᠠᠨ ᠤ᠋ ᠪᠦᠬᠦ ᠲᠤᠷᠰᠢᠯᠲᠠ ᠶ᠋ᠢ ᠭᠦᠢᠴᠡᠳᠭᠡᠭᠰᠡᠨ ᠦ᠌ ᠬᠠᠮᠲᠤ ᠠᠮᠤᠰᠳᠠᠨᠲ ᠶᠡᠬᠡ ᠰᠤᠷᠭᠠᠭᠤᠯᠢ ᠵᠢᠨ ᠠᠪᠢᠶᠠᠨ ᠤ᠋ ᠵᠠᠳᠠᠯᠤᠯᠲᠠ ᠵᠢᠨ ᠵᠥᠭᠡᠯᠡᠨ ᠲᠣᠨᠤᠭ︵Praat︶ ᠢ᠋ ᠬᠠᠪᠰᠤᠷᠭᠠᠵᠤ᠂ ᠲᠤᠷᠰᠢᠯᠲᠠ ᠵᠢᠨ ᠳ᠋ᠦᠩ ᠦ᠋ᠨ ᠣᠨᠤᠪᠴᠢᠲᠤ ᠰᠢᠨᠵᠢ ᠶ᠋ᠢ ᠪᠠᠲᠤᠯᠠᠭᠰᠠ ᠪᠠᠢᠨ᠎ᠠ᠃ ᠲᠤᠷᠰᠢᠯᠲᠠ ᠵᠢᠨ ᠳ᠋ᠦᠩ ᠳ᠋ᠦ᠍ ᠪᠣᠣ ᠠᠨ ᠬᠡᠯᠡᠨ ᠳ᠋ᠦ᠍ /p/᠂/ph/᠂/t/᠂/th᠂/k/᠂/kh/ ᠭᠡᠬᠦ6 ᠭᠡᠢᠭᠦᠯᠦᠭᠴᠢ ᠠᠪᠢᠶᠠᠯᠠᠪᠤᠷᠢ ᠲᠠᠢ ᠪᠥᠭᠡᠳ ᠲᠡᠳᠡᠭᠡᠷ ᠤ᠋ᠨ ᠳᠠᠭᠤᠨ ᠤᠬᠠᠭᠠᠨ ᠤ᠋ ᠣᠷᠤᠨ ᠵᠠᠢ ᠵᠢᠨ ᠳᠡᠰ ᠳᠠᠷᠠᠭᠠᠯᠠᠯ ᠨᠢ ᠵᠡᠭᠦᠨ ᠡᠴᠡ ᠪᠠᠷᠠᠭᠤᠨᠰᠢ/p/᠂/kh/᠂/ph᠂/t/᠂/k/᠂/th/ ᠪᠣᠯᠬᠤ ᠶ᠋ᠢ ᠮᠡᠳᠡᠵᠡᠢ᠃