ᠲᠠᠨᠢᠨ ᠮᠡᠳᠡᠬᠦᠢ ᠶᠢᠨ ᠬᠡᠯᠡ ᠰᠢᠨᠵᠢᠯᠡᠯ ᠦᠨ ᠬᠥᠭᠵᠢᠯ ᠦᠨ ᠬᠠᠨᠳᠤᠰᠢ ᠶᠢ ᠰᠢᠨᠵᠢᠯᠡᠬᠦ ᠨᠢ
ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠮᠣᠩᠭᠤᠯ ᠬᠡᠯᠡ ᠪᠢᠴᠢᠭ -> 201502
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2019/04/04
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠯ· ᠲᠣᠭᠲᠠᠮᠪᠠᠶᠠᠷ
ᠵᠠᠩᠭᠢᠯᠠᠭ᠎ᠠ ᠦᠭᠡ᠄ ᠲᠠᠨᠢᠨ ᠮᠡᠳᠡᠬᠦᠢ ᠶᠢᠨ ᠬᠡᠯᠡ ᠰᠢᠨᠵᠢᠯᠡᠯ ᠲᠠᠨᠢᠨ ᠮᠡᠳᠡᠬᠦᠢ ᠶᠢᠨ ᠰᠢᠨᠵᠢᠯᠡᠬᠦ ᠤᠬᠠᠭᠠᠨ ᠤ ᠬᠥᠭᠵᠢᠯ ᠬᠣᠯᠪᠤᠯᠳᠤᠭᠰᠠᠨ ᠬᠡᠯᠪᠡᠷᠢ ᠶᠢᠨ ᠣᠨᠤᠯ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠲᠠᠨᠢᠨ ᠮᠡᠳᠡᠬᠦᠢ ᠶᠢᠨ ᠬᠡᠯᠡ ᠰᠢᠨᠵᠢᠯᠡᠯ ᠪᠣᠯ ᠬᠡᠯᠡ ᠰᠢᠨᠵᠢᠯᠡᠯ ᠦᠨ ᠬᠦᠷᠢᠶ᠎ᠡ ᠴᠠᠷᠠᠭ᠎ᠠ ᠳᠦ ᠬᠡᠯᠡ ᠪᠠ ᠲᠠᠨᠢᠨ ᠮᠡᠳᠡᠬᠦᠢ ᠶᠢᠨ ᠬᠠᠷᠢᠴᠠᠭ᠎ᠠ ᠶᠢ ᠰᠤᠳᠤᠯᠳᠠᠭ ᠰᠢᠨ᠎ᠡ ᠪᠡᠷ ᠬᠥᠭᠵᠢᠵᠦ ᠪᠠᠢᠭ᠎ᠠ ᠰᠢᠨᠵᠢᠯᠡᠭᠡᠨ ᠪᠣᠯᠣᠨ᠎ᠠ ᠃ ᠲᠠᠨᠢᠨ ᠮᠡᠳᠡᠬᠦᠢ ᠶᠢᠨ ᠬᠡᠯᠡ ᠰᠢᠨᠵᠢᠯᠡᠯ ᠨᠢ ᠲᠠᠨᠢᠨ ᠮᠡᠳᠡᠬᠦᠢ ᠶᠢᠨ ᠰᠢᠨᠵᠢᠯᠡᠬᠦ ᠤᠬᠠᠭᠠᠨ ᠲᠡᠢ ᠨᠢᠭᠲᠠ ᠬᠣᠯᠪᠤᠭ᠎ᠠ ᠲᠡᠢ ᠪᠠᠢᠳᠠᠭ ᠃ ᠲᠤᠬᠠᠢᠯᠠᠪᠠᠯ ᠲᠠᠨᠢᠨ ᠮᠡᠳᠡᠬᠦᠢ ᠶᠢᠨ ᠰᠢᠨᠵᠢᠯᠡᠬᠦ ᠤᠬᠠᠭᠠᠨ ᠬᠥᠭᠵᠢᠭᠰᠡᠨ ᠰᠠᠭᠤᠷᠢᠨ ᠳᠡᠭᠡᠷ᠎ᠡ ᠲᠠᠨᠢᠨ ᠮᠡᠳᠡᠬᠦᠢ ᠶᠢᠨ ᠬᠡᠯᠡ ᠰᠢᠨᠵᠢᠯᠡᠯ ᠡᠭᠦᠰᠦᠨ ᠬᠥᠭᠵᠢᠵᠦ ᠂ ᠲᠡᠭᠦᠨ ᠳᠦ ᠰᠤᠳᠤᠯᠭᠠᠨ ᠤ ᠣᠨᠤᠯ ᠪᠠ ᠠᠷᠭ᠎ᠠ ᠶᠢ ᠬᠠᠩᠭᠠᠨ ᠥᠭᠳᠡᠭ ᠃ ᠮᠥᠨ ᠲᠠᠨᠢᠨ ᠮᠡᠳᠡᠬᠦᠢ ᠶᠢᠨ ᠬᠡᠯᠡ ᠰᠢᠨᠵᠢᠯᠡᠯ ᠦᠨ ᠰᠤᠳᠤᠯᠭᠠᠨ ᠨᠢ ᠲᠠᠨᠢᠨ ᠮᠡᠳᠡᠬᠦᠢ ᠶᠢᠨ ᠰᠢᠨᠵᠢᠯᠡᠬᠦ ᠤᠬᠠᠭᠠᠨ ᠤ ᠬᠥᠭᠵᠢᠯᠲᠡ ᠶᠢ ᠠᠬᠢᠭᠤᠯᠳᠠᠭ ᠃ ᠲᠤᠰ ᠥᠭᠦᠯᠡᠯ ᠳᠦ ᠲᠠᠨᠢᠨ ᠮᠡᠳᠡᠬᠦᠢ ᠶᠢᠨ ᠬᠡᠯᠡ ᠰᠢᠨᠵᠢᠯᠡᠯ ᠪᠣᠯᠣᠨ ᠲᠠᠨᠢᠨ ᠮᠡᠳᠡᠬᠦᠢ ᠶᠢᠨ ᠰᠢᠨᠵᠢᠯᠡᠬᠦ ᠤᠬᠠᠭᠠᠨ ᠤ ᠬᠣᠭᠤᠷᠤᠨᠳᠤᠬᠢ ᠬᠠᠷᠢᠴᠠᠭ᠎ᠠ ᠶᠢ ᠰᠢᠨᠵᠢᠯᠡᠬᠦ ᠪᠡᠷ ᠳᠠᠮᠵᠢᠨ ᠲᠠᠨᠢᠨ ᠮᠡᠳᠡᠬᠦᠢ ᠶᠢᠨ ᠬᠡᠯᠡ ᠰᠢᠨᠵᠢᠯᠡᠯ ᠦᠨ ᠬᠥᠭᠵᠢᠯᠲᠡ ᠶᠢᠨ ᠬᠠᠨᠳᠤᠰᠢ ᠶᠢ ᠰᠦᠪᠡᠭᠴᠢᠯᠡᠬᠦ ᠶᠢ ᠵᠣᠷᠢᠪᠠ ᠃