ᠬᠤᠭᠤᠴᠠᠭᠠᠲᠦ ᠰᠡᠳᠭᠦᠯ
>
ᠮᠣᠩᠭᠤᠯ ᠬᠡᠯᠡ ᠪᠢᠴᠢᠭ
>
ᠪᠠᠷᠠᠭᠤᠨ ᠮᠣᠩᠭᠤᠯ ᠰᠤᠳᠤᠯᠤᠯ
>
ᠣᠢᠷᠠᠳ ᠰᠤᠳᠤᠯᠤᠯ
>
ᠥᠪᠦᠷ ᠮᠣᠩᠭᠤᠯ ᠤ᠋ᠨ ᠰᠤᠷᠭᠠᠨ ᠬᠥᠮᠦᠵᠢᠯ
>
ᠮᠣᠩᠭᠤᠯ ᠬᠡᠯᠡ ᠪᠢᠴᠢᠭ ᠦ᠋ᠨ ᠰᠤᠳᠤᠯᠤᠯᠭᠠᠨ ᠤ᠋ ᠮᠠᠲ᠋ᠧᠷᠢᠶᠠᠯ ᠤ᠋ᠨ ᠡᠮᠬᠢᠳᠭᠡᠯ
>
ᠮᠣᠩᠭᠤᠯ ᠬᠡᠯᠡ ᠤᠳᠭ᠎ᠠ ᠵᠣᠬᠢᠶᠠᠯ ᠤ᠋ᠨ ᠰᠢᠨᠵᠢᠯᠡᠭᠡᠨ

ᠵᠠᠰᠠᠭ ᠵᠠᠬᠢᠷᠭ᠎ᠠ ᠶᠢ ᠬᠠᠤᠯᠢ ᠪᠠᠷ ᠵᠠᠰᠠᠬᠤ ᠬᠦᠷᠢᠶᠡᠨ ᠳᠦ ᠴᠥᠭᠡᠨ ᠲᠣᠭᠠᠲᠤ ᠦᠨᠳᠦᠰᠦᠲᠡᠨ ᠦ ᠬᠡᠯᠡᠨ ᠦ ᠡᠷᠬᠡ ᠶᠢ ᠦᠨᠳᠦᠰᠦᠲᠡᠨ ᠦ ᠥᠪᠡᠷᠲᠡᠭᠡᠨ ᠵᠠᠰᠠᠬᠤ ᠬᠠᠤᠯᠢ ᠲᠣᠭᠲᠠᠭᠠᠯᠲᠠ ᠪᠠᠷ ᠪᠠᠲᠤᠯᠠᠬᠤ ᠲᠤᠬᠠᠢ

ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠮᠣᠩᠭᠤᠯ ᠬᠡᠯᠡ ᠪᠢᠴᠢᠭ -> 201511
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2019/04/04
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠤᠯᠠᠭᠠᠨᠨᠠᠷᠠᠰᠤ
ᠵᠠᠩᠭᠢᠯᠠᠭ᠎ᠠ ᠦᠭᠡ᠄ ᠬᠡᠯᠡᠨ ᠦ ᠡᠷᠬᠡ ᠵᠠᠰᠠᠭ ᠵᠠᠬᠢᠷᠭ᠎ᠠ ᠶᠢ ᠬᠠᠤᠯᠢ ᠪᠠᠷ ᠵᠠᠰᠠᠬᠤ ᠦᠨᠳᠦᠰᠦᠲᠡᠨ ᠦ ᠥᠪᠡᠷᠲᠡᠭᠡᠨ ᠵᠠᠰᠠᠬᠤ ᠬᠠᠤᠯᠢ ᠲᠣᠭᠲᠠᠭᠠᠯᠲᠠ
ᠰᠠᠭᠤᠷᠢ ᠮᠥᠩᠭᠦᠨ ᠤ᠋ ᠳᠡᠮᠵᠢᠯᠭᠡ᠄ ᠲᠤᠰ ᠥᠭᠦᠯᠡᠯ ᠪᠣᠯ ᠥᠪᠥᠷ ᠮᠣᠩᠭᠣᠯ ᠤᠨ ᠷᠠᠳᠢᠣ᠋ ᠲᠧᠯᠸᠢᠰ ᠶᠡᠬᠡ ᠰᠤᠷᠭᠠᠭᠤᠯᠢ ᠶᠢᠨ ᠪᠠᠭᠰᠢ ᠶᠢᠨ ︽1+1 ︾ ᠮᠡᠷᠭᠡᠵᠢᠯ ᠳᠡᠭᠡᠭᠰᠢᠯᠡᠭᠦᠯᠬᠦ ᠲᠥᠯᠥᠪᠵᠢᠭᠦᠯᠭᠡ ᠶᠢᠨ ᠲᠥᠰᠦᠯ  ᠦᠨ ᠰᠡᠳᠦᠪ ᠦᠨ ᠨᠢᠭᠡ ᠬᠡᠰᠡᠭ ᠮᠥᠨ ᠃
ᠠᠭᠤᠯᠭ᠎ᠠ ᠶ᠋ᠢᠨ ᠲᠣᠪᠴᠢ᠄ ᠴᠥᠭᠡᠨ ᠲᠣᠭᠠᠲᠤ ᠦᠨᠳᠦᠰᠦᠲᠡᠨ ᠦ ᠬᠡᠯᠡᠨ ᠦ ᠡᠷᠬᠡ ᠪᠣᠯ ᠴᠥᠭᠡᠨ ᠲᠣᠭᠠᠲᠤ ᠦᠨᠳᠦᠰᠦᠲᠡᠨ ᠦ ᠠᠷᠠᠳ ᠲᠦᠮᠡᠨ ᠦ ᠡᠳ᠋ᠯᠡᠬᠦ ᠶᠣᠰᠣᠲᠠᠢ ᠦᠨᠳᠦᠰᠦᠨ ᠡᠷᠬᠡ ᠮᠥᠨ ᠪᠥᠭᠡᠳ ᠲᠡᠷᠡ ᠨᠢ ᠡᠷᠬᠡ ᠬᠦᠴᠦᠨ ᠲᠠᠢ ᠬᠠᠤᠯᠢ ᠲᠣᠭᠲᠠᠭᠠᠯᠲᠠ ᠪᠠ ᠵᠠᠰᠠᠭ ᠤᠨ ᠣᠷᠳᠤᠨ ᠤ᠋ ᠪᠦᠲᠦᠮᠵᠢᠲᠡᠢ ᠬᠠᠤᠯᠢ ᠬᠡᠷᠡᠭᠵᠢᠭᠦᠯᠦᠯᠲᠡ ᠪᠡᠷ ᠪᠡᠶᠡᠯᠡᠭᠳᠡᠨ᠎ᠡ ᠃ ᠵᠠᠰᠠᠭ ᠵᠠᠬᠢᠷᠭ᠎ᠠ ᠶᠢ ᠬᠠᠤᠯᠢ ᠪᠠᠷ ᠵᠠᠰᠠᠬᠤ ᠲᠣᠭᠲᠠᠴᠠ ᠳᠤ ᠦᠨᠳᠦᠰᠦᠲᠡᠨ ᠦ ᠥᠪᠡᠷᠲᠡᠭᠡᠨ ᠵᠠᠰᠠᠬᠤ ᠭᠠᠵᠠᠷ ᠣᠷᠤᠨ ᠤ᠋ ᠴᠥᠭᠡᠨ ᠲᠣᠭᠠᠲᠤ ᠦᠨᠳᠦᠰᠦᠲᠡᠨ ᠦ ᠬᠡᠯᠡᠨ ᠦ ᠡᠷᠬᠡ ᠶᠢ ᠬᠠᠤᠯᠢ ᠪᠠᠷ ᠪᠠᠲᠤᠯᠠᠬᠤ ᠶᠠᠪᠤᠳᠠᠯ ᠢ ᠰᠤᠳᠤᠯᠤᠨ ᠰᠢᠨᠵᠢᠯᠡᠬᠦ ᠬᠡᠷᠡᠭᠲᠡᠢ ᠪᠥᠭᠡᠳ ᠣᠳᠣ ᠶᠢᠨ ᠳᠦᠷᠢᠮ ᠪᠠᠢᠭᠤᠯᠤᠯ ᠪᠠ ᠤᠯᠠᠮᠵᠢᠯᠠᠯᠲᠤ ᠰᠡᠳᠭᠢᠬᠦᠢ ᠶ᠋ᠢᠨ ᠬᠢᠵᠠᠭᠠᠷᠳᠠᠮᠠᠯ ᠴᠢᠨᠠᠷ ᠢ ᠴᠡᠭᠴᠡᠯᠡᠨ ᠵᠠᠰᠠᠬᠤ ᠬᠡᠷᠡᠭᠲᠡᠢ ᠪᠠᠢᠳᠠᠭ ᠃ ᠦᠨᠳᠦᠰᠦᠲᠡᠨ ᠦ ᠥᠪᠡᠷᠲᠡᠭᠡᠨ ᠵᠠᠰᠠᠬᠤ ᠭᠠᠵᠠᠷ ᠣᠷᠤᠨ ᠴᠥᠭᠡᠨ ᠲᠣᠭᠠᠲᠤ ᠦᠨᠳᠦᠰᠦᠲᠡᠨ ᠦ ᠬᠡᠯᠡᠨ ᠦ ᠡᠷᠬᠡ ᠶᠢ ᠬᠠᠤᠯᠢ ᠪᠠᠷ ᠪᠠᠲᠤᠯᠠᠬᠤ ᠳᠤ ᠬᠣᠶᠠᠷ ᠵᠠᠩᠭᠢᠯᠠᠭ᠎ᠠ ᠶᠢᠨ ᠠᠰᠠᠭᠤᠳᠠᠯ ᠢ ᠤᠷᠢᠳ ᠢᠶᠠᠷ ᠰᠢᠢᠳᠪᠦᠷᠢᠯᠡᠬᠦ ᠬᠡᠷᠡᠭᠲᠡᠢ ᠶᠤᠮ ᠃ ᠲᠡᠭᠦᠨ ᠦ ᠨᠢᠭᠡ ᠨᠢ ᠂ ᠦᠨᠳᠦᠰᠦᠲᠡᠨ ᠦ ᠥᠪᠡᠷᠲᠡᠭᠡᠨ ᠵᠠᠰᠠᠬᠤ ᠬᠠᠤᠯᠢ ᠲᠣᠭᠲᠠᠭᠠᠯᠲᠠ ᠶᠢᠨ ᠪᠦᠲᠦᠭᠡᠨ ᠪᠠᠢᠭᠤᠯᠤᠯᠲᠠ ︔ ᠨᠥᠭᠥᠭᠡ ᠨᠢ ᠂ ᠴᠥᠭᠡᠨ ᠲᠣᠭᠠᠲᠤ ᠦᠨᠳᠦᠰᠦᠲᠡᠨ ᠦ ᠬᠡᠯᠡᠨ ᠦ ᠡᠷᠬᠡ ᠲᠠᠢ ᠬᠣᠯᠪᠤᠭᠳᠠᠭᠰᠠᠨ ᠵᠠᠰᠠᠭ ᠵᠠᠬᠢᠷᠭᠠᠨ ᠤ ᠦᠢᠯᠡ ᠠᠵᠢᠯᠯᠠᠭᠠᠨ ᠳᠤ ᠬᠢᠨᠠᠯᠲᠠ ᠲᠠᠯᠪᠢᠬᠤ ᠪᠠ ᠠᠪᠤᠷᠠᠨ ᠲᠤᠰᠠᠯᠠᠬᠤ ᠲᠣᠭᠲᠠᠯᠴᠠᠭ᠎ᠠ ᠶᠢ ᠪᠦᠷᠢᠳᠦᠭᠦᠯᠬᠦ ᠵᠡᠷᠭᠡ ᠪᠣᠯᠣᠨ᠎ᠠ ᠃