ᠬᠤᠭᠤᠴᠠᠭᠠᠲᠦ ᠰᠡᠳᠭᠦᠯ
>
ᠮᠣᠩᠭᠤᠯ ᠬᠡᠯᠡ ᠪᠢᠴᠢᠭ
>
ᠪᠠᠷᠠᠭᠤᠨ ᠮᠣᠩᠭᠤᠯ ᠰᠤᠳᠤᠯᠤᠯ
>
ᠣᠢᠷᠠᠳ ᠰᠤᠳᠤᠯᠤᠯ
>
ᠥᠪᠦᠷ ᠮᠣᠩᠭᠤᠯ ᠤ᠋ᠨ ᠰᠤᠷᠭᠠᠨ ᠬᠥᠮᠦᠵᠢᠯ
>
ᠮᠣᠩᠭᠤᠯ ᠬᠡᠯᠡ ᠪᠢᠴᠢᠭ ᠦ᠋ᠨ ᠰᠤᠳᠤᠯᠤᠯᠭᠠᠨ ᠤ᠋ ᠮᠠᠲ᠋ᠧᠷᠢᠶᠠᠯ ᠤ᠋ᠨ ᠡᠮᠬᠢᠳᠭᠡᠯ
>
ᠮᠣᠩᠭᠤᠯ ᠬᠡᠯᠡ ᠤᠳᠭ᠎ᠠ ᠵᠣᠬᠢᠶᠠᠯ ᠤ᠋ᠨ ᠰᠢᠨᠵᠢᠯᠡᠭᠡᠨ

ᠠᠢᠷᠯᠠᠨᠳ᠋ ᠤᠨ ᠴᠠᠭᠠᠨ ᠢᠳᠡᠭᠡᠨ ᠦ᠌ ᠦᠢᠯᠡᠰ ᠦ᠋ᠨ ᠬᠥᠭᠵᠢᠯᠲᠡ ᠨᠢ ᠮᠠᠨ ᠤ᠋ ᠣᠷᠤᠨ ᠤ᠋ ᠴᠠᠭᠠᠨ ᠢᠳᠡᠭᠡᠨ  ᠦ᠌ ᠦᠢᠯᠡᠰ ᠦ᠋ᠨ ᠬᠥᠭᠵᠢᠯᠲᠡ ᠳ᠋ᠦ᠍ ᠦᠵᠡᠭᠦᠯᠬᠦ ᠲᠤᠷᠰᠢᠯᠭ᠎ᠠ ᠰᠡᠩᠬᠡᠷᠡᠭᠦᠯᠦᠯ

ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠥᠪᠦᠷ ᠮᠣᠩᠭᠤᠯ ᠦ᠋ᠨ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ -> 201705
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2018/09/11
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠨᠠᠷᠠᠩᠭᠤᠸ᠎ᠠ
ᠵᠠᠩᠭᠢᠯᠠᠭ᠎ᠠ ᠦᠭᠡ᠄ ᠠᠢᠷᠯᠠᠨᠳ᠋ ᠤᠨ ᠴᠠᠭᠠᠨ ᠢᠳᠡᠭᠡᠨ ᠦ᠌ ᠦᠢᠯᠡᠰ︔ ᠥᠪᠦᠷ ᠮᠣᠩᠭᠤᠯ ᠦ᠋ᠨ ᠴᠠᠭᠠᠨ ᠢᠳᠡᠭᠡᠨ ᠦ᠌ ᠦᠢᠯᠡᠰ ᠦ᠋ᠨ ᠬᠥᠭᠵᠢᠯᠲᠡ︔ ᠭᠡᠷ ᠪᠦᠯᠢ ᠵᠢᠨ ᠮᠠᠯᠵᠢᠯ ᠤᠨ ᠲᠠᠯᠠᠪᠠᠢ︔ ᠰᠠᠭᠠᠯᠢᠴᠢᠳ ᠤᠨ ᠬᠣᠷᠰᠢᠶᠠᠵᠢᠯ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠠᠢᠷᠯᠠᠨᠳ᠋ ᠤᠨ ᠴᠠᠭᠠᠨ ᠢᠳᠡᠭᠡᠨ ᠦ᠌ ᠦᠢᠯᠡᠰ ᠦ᠋ᠨ ᠬᠥᠭᠵᠢᠯᠲᠡ  ᠶ᠋ᠢ ᠵᠠᠳᠠᠯᠤᠨ ᠰᠢᠨᠵᠢᠯᠡᠬᠦ ᠪᠡᠷ ᠳᠠᠮᠵᠢᠭᠤᠯᠤᠨ᠂ ᠮᠠᠨ ᠤ᠋ ᠣᠷᠤᠨ ᠤ᠋ ᠴᠠᠭᠠᠨ ᠢᠳᠡᠭᠡᠨ ᠦ᠌ ᠦᠢᠯᠡᠰ ᠲᠦ᠍ ᠲᠣᠯᠢ ᠪᠣᠯᠭᠠᠬᠤ ᠲᠤᠷᠰᠢᠯᠭ᠎ᠠ ᠵᠢ ᠬᠠᠢᠨ ᠰᠢᠨᠵᠢᠯᠡᠬᠦ ᠶ᠋ᠢ ᠵᠣᠷᠢᠪᠠ᠃ ᠠᠢᠷᠯᠠᠨᠳ᠋   ᠲᠤ᠌᠂ ᠭᠡᠷ ᠪᠦᠯᠢ ᠵᠢᠨ ᠮᠠᠯᠵᠢᠯ ᠤ᠋ᠨ ᠲᠠᠯᠠᠪᠤᠷ ᠤᠨ ᠰᠠᠭᠠᠯᠢ ᠵᠢᠨ ᠦᠨᠢᠶ᠎ᠡ ᠪᠡᠨ ᠪᠦᠬᠦᠨ ᠢ᠋ ᠪᠡᠯᠴᠢᠭᠡᠨ ᠮᠠᠯᠵᠢᠬᠤ ᠬᠡᠯᠪᠡᠷᠢ ᠪᠠᠷ ᠠᠷᠠᠴᠢᠯᠠᠵᠤ ᠪᠠᠢᠳᠠᠭ᠂ ᠪᠠᠢᠭᠠᠯᠢᠯᠢᠭ ᠪᠡᠯᠴᠢᠭᠡᠷ  ᠦ᠋ᠨ ᠮᠠᠯᠵᠢᠯ ᠤᠨ ᠬᠡᠯᠪᠡᠷᠢ ᠨᠢ ᠣᠬᠢ ᠰᠠᠢᠨ ᠰᠦ ᠵᠢᠨ ᠢᠷᠡᠯᠲᠡ ᠶ᠋ᠢ ᠪᠠᠲᠤᠯᠠᠭᠰᠠᠨ ᠢ᠋ᠶ᠋ᠠᠷ ᠪᠠᠷᠠᠬᠤ ᠦᠭᠡᠢ᠂ ᠪᠠᠰᠠ ᠰᠠᠭᠠᠯᠢᠴᠢᠳ ᠤ᠋ᠨ ᠬᠣᠷᠰᠢᠶᠠᠵᠢᠯ ᠠ᠋ᠴᠠ ᠬᠠᠩᠭᠠᠭᠰᠠᠨ ᠰᠦ ᠵᠢᠨ ᠬᠡᠮᠵᠢᠶ᠎ᠡ ᠨᠢ ᠪᠦᠬᠦᠢᠯᠡ ᠵᠠᠬ᠎ᠠ ᠳᠡᠯᠭᠡᠭᠦᠷ ᠦ᠋ᠨ99% ᠶ᠋ᠢ ᠡᠵᠡᠯᠡᠭᠰᠡᠨ ᠡᠴᠡ ᠰᠠᠭᠠᠯᠢᠴᠢᠳ ᠤᠨ ᠠᠵᠤ ᠠᠬᠤᠢ ᠵᠢᠨ ᠦᠷ᠎ᠡ ᠠᠰᠢᠭ ᠲᠣᠭᠲᠠᠪᠤᠷᠢᠲᠠᠢ ᠪᠥᠭᠡᠳ ᠵᠠᠬ᠎ᠠ ᠳᠡᠯᠭᠡᠭᠦᠷ ᠲᠦ᠍ ᠬᠢ ᠰᠦ ᠵᠢᠨ ᠦᠨ᠎ᠡ ᠬᠠᠩᠰᠢ ᠶ᠋ᠢ ᠲᠣᠭᠲᠠᠭᠤᠨ ᠪᠠᠢᠯᠠᠭᠠᠬᠤ ᠶ᠋ᠢ ᠪᠠᠲᠤᠯᠠᠪᠠ᠃ ᠡᠭᠦᠨ ᠡᠴᠡ ᠭᠠᠳᠠᠨ᠎ᠠ᠂ ᠣᠨᠴᠠᠭᠠᠢᠯᠠᠨ ᠠᠢᠷᠯᠠᠨᠳ᠋ ᠤᠨ ᠴᠠᠭᠠᠨ ᠢᠳᠡᠭᠡᠨ ᠦ᠌ ᠦᠢᠯᠡᠰ ᠦ᠋ᠨ ᠡᠵᠡᠩᠨᠡᠨ ᠪᠣᠷᠤᠯᠠᠭᠤᠯᠤᠯᠲᠠ ᠵᠡᠷᠭᠡ ᠨᠢ ᠮᠠᠨ ᠤ᠋ ᠣᠷᠤᠨ ᠤ᠋ ᠴᠠᠭᠠᠨ ᠢᠳᠡᠭᠡᠨ ᠦ᠌ ᠠᠵᠤ ᠠᠬᠤᠢᠯᠠᠯ ᠤᠨ ᠬᠡᠷᠡᠭᠯᠡᠭᠡᠨ ᠦ᠌ ᠵᠠᠬ᠎ᠠ ᠳᠡᠯᠭᠡᠭᠦᠷ ᠢ᠋ ᠥᠷᠭᠡᠳᠭᠡᠬᠦ ᠳ᠋ᠦ᠍ ᠠᠰᠢᠭ ᠲᠠᠢ ᠲᠤᠷᠰᠢᠯᠭ᠎ᠠ ᠪᠠ ᠰᠡᠩᠬᠡᠷᠡᠭᠦᠯᠦᠯ ᠪᠣᠯᠵᠤ ᠪᠣᠯᠬᠤ ᠶᠤᠮ᠃