ᠬᠤᠭᠤᠴᠠᠭᠠᠲᠦ ᠰᠡᠳᠭᠦᠯ
>
ᠮᠣᠩᠭᠤᠯ ᠬᠡᠯᠡ ᠪᠢᠴᠢᠭ
>
ᠪᠠᠷᠠᠭᠤᠨ ᠮᠣᠩᠭᠤᠯ ᠰᠤᠳᠤᠯᠤᠯ
>
ᠣᠢᠷᠠᠳ ᠰᠤᠳᠤᠯᠤᠯ
>
ᠥᠪᠦᠷ ᠮᠣᠩᠭᠤᠯ ᠤ᠋ᠨ ᠰᠤᠷᠭᠠᠨ ᠬᠥᠮᠦᠵᠢᠯ
>
ᠮᠣᠩᠭᠤᠯ ᠬᠡᠯᠡ ᠪᠢᠴᠢᠭ ᠦ᠋ᠨ ᠰᠤᠳᠤᠯᠤᠯᠭᠠᠨ ᠤ᠋ ᠮᠠᠲ᠋ᠧᠷᠢᠶᠠᠯ ᠤ᠋ᠨ ᠡᠮᠬᠢᠳᠭᠡᠯ
>
ᠮᠣᠩᠭᠤᠯ ᠬᠡᠯᠡ ᠤᠳᠭ᠎ᠠ ᠵᠣᠬᠢᠶᠠᠯ ᠤ᠋ᠨ ᠰᠢᠨᠵᠢᠯᠡᠭᠡᠨ

︽ᠲᠣ᠊ ᠸᠠᠩ ᠤᠨ ᠰᠤᠷᠭᠠᠯ︾ ᠤᠨ ᠪᠣᠢ ᠪᠣᠯᠤᠭᠰᠠᠨ ᠨᠡᠢᠭᠡᠮ ᠲᠡᠦᠬᠡ ᠵᠢᠨ ᠠᠬᠤᠢ ᠪᠠᠢᠳᠠᠯ ᠤᠨ ᠲᠤᠬᠠᠢ ᠰᠤᠳᠤᠯᠤᠯ

ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠥᠪᠦᠷ ᠮᠣᠩᠭᠤᠯ ᠦ᠋ᠨ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ -> 201706
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2018/09/11
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠲᠡᠮᠦᠷᠪᠣᠯᠣᠳ
ᠵᠠᠩᠭᠢᠯᠠᠭ᠎ᠠ ᠦᠭᠡ᠄ ︽ᠲᠣ᠊ ᠸᠠᠩ ᠤᠨ ᠰᠤᠷᠭᠠᠯ︾︔ᠬᠠᠤᠯᠢ ᠵᠦᠢ ᠵᠢᠨ ᠤᠬᠠᠭᠠᠨ︔ ᠲᠡᠦᠬᠡᠨ ᠠᠬᠤᠢ ᠪᠠᠢᠳᠠᠯ
ᠰᠠᠭᠤᠷᠢ ᠮᠥᠩᠭᠦᠨ ᠤ᠋ ᠳᠡᠮᠵᠢᠯᠭᠡ᠄ ᠲᠤᠰ ᠥᠭᠦᠯᠡᠯ ᠪᠣᠯ ᠤᠯᠤᠰ ᠤᠨ ᠨᠡᠢᠭᠡᠮ ᠤᠨ ᠰᠢᠨᠵᠢᠯᠡᠬᠦ ᠤᠬᠠᠭᠠᠨ ᠤ᠋ ᠰᠠᠭᠤᠷᠢ ᠮᠥᠩᠭᠦᠨ  ᠦ᠌ ᠲᠥᠰᠦᠯ ᠦ᠋ᠨ ᠰᠡᠳᠦᠪ ᠪᠣᠯᠬᠤ︽ ᠪᠠ᠊ ᠲᠣᠭᠲᠠᠬᠤᠲᠥᠷᠦ ᠵᠢᠨ<ᠲᠣ᠊ ᠸᠠᠩ ᠤᠨ ᠰᠤᠷᠭᠠᠯ> ᠤᠨ ᠬᠠᠤᠯᠢ ᠴᠠᠭᠠᠵᠠ ᠵᠢᠨ ᠰᠣᠶᠤᠯ  ᠦ᠋ᠨ ᠥᠷᠲᠡᠭ ᠵᠢᠴᠢ ᠲᠡᠭᠦᠨ ᠢ᠋ ᠵᠠᠯᠭᠠᠮᠵᠢᠯᠠᠬᠤ ᠠᠰᠠᠭᠤᠳᠠᠯ ᠤᠨ ᠲᠤᠬᠠᠢ ᠰᠤᠳᠤᠯᠤᠯ︾︵ᠵᠥᠪᠰᠢᠶᠡᠷᠡᠭᠰᠡᠨ ᠳ᠋ᠤᠭᠠᠷ᠄ 14BFX013︶  ᠤ᠋ᠨ ᠬᠡᠰᠡᠭ ᠪᠦᠲᠦᠭᠡᠯ ᠪᠣᠯᠤᠨ᠎ᠠ᠃
ᠠᠭᠤᠯᠭ᠎ᠠ ᠶ᠋ᠢᠨ ᠲᠣᠪᠴᠢ᠄ ᠲᠤᠰ ᠥᠭᠦᠯᠡᠯ ᠳ᠋ᠦ᠍ ᠬᠠᠤᠯᠢ ᠵᠦᠢ ᠵᠢᠨ ᠤᠬᠠᠭᠠᠨ ᠤ᠋ ᠬᠠᠷᠠᠭᠠᠰᠤ  ᠠ᠋ᠴᠠ︽ᠲᠣ᠊ ᠸᠠᠩ ᠤᠨ ᠰᠤᠷᠭᠠᠯ︾ ᠢ᠋ ᠳᠥᠭᠦᠮ ᠲᠠᠨᠢᠯᠴᠠᠭᠤᠯᠤᠭᠰᠠᠨ ᠰᠠᠭᠤᠷᠢᠨ ᠳᠡᠭᠡᠷ᠎ᠡ᠂︽ᠲᠣ᠊ ᠸᠠᠩ ᠤᠨ ᠰᠤᠷᠭᠠᠯ︾ ᠤᠨ ᠪᠣᠢ ᠪᠣᠯᠤᠭᠰᠠᠨ ᠨᠡᠢᠭᠡᠮ ᠲᠡᠦᠬᠡ ᠵᠢᠨ ᠠᠬᠤᠢ ᠪᠠᠢᠳᠠᠯ ᠢ᠋ ᠤᠯᠤᠰ ᠲᠥᠷᠦ᠂ ᠠᠵᠤ ᠠᠬᠤᠢ᠂ ᠰᠣᠶᠤᠯ ᠤᠨ ᠲᠠᠯ᠎ᠠ ᠠ᠋ᠴᠠ ᠨᠡᠯᠢᠶᠡᠳ ᠰᠢᠰᠲ᠋ᠧᠮ ᠲᠠᠢ ᠰᠤᠳᠤᠯᠵᠤ ᠨᠤᠲᠠᠯᠠᠨ ᠲᠣᠳᠤᠷᠬᠠᠢᠯᠠᠬᠤ ᠶ᠋ᠢ ᠵᠣᠷᠢᠪᠠ᠃