ᠬᠤᠭᠤᠴᠠᠭᠠᠲᠦ ᠰᠡᠳᠭᠦᠯ
>
ᠮᠣᠩᠭᠤᠯ ᠬᠡᠯᠡ ᠪᠢᠴᠢᠭ
>
ᠪᠠᠷᠠᠭᠤᠨ ᠮᠣᠩᠭᠤᠯ ᠰᠤᠳᠤᠯᠤᠯ
>
ᠣᠢᠷᠠᠳ ᠰᠤᠳᠤᠯᠤᠯ
>
ᠥᠪᠦᠷ ᠮᠣᠩᠭᠤᠯ ᠤ᠋ᠨ ᠰᠤᠷᠭᠠᠨ ᠬᠥᠮᠦᠵᠢᠯ
>
ᠮᠣᠩᠭᠤᠯ ᠬᠡᠯᠡ ᠪᠢᠴᠢᠭ ᠦ᠋ᠨ ᠰᠤᠳᠤᠯᠤᠯᠭᠠᠨ ᠤ᠋ ᠮᠠᠲ᠋ᠧᠷᠢᠶᠠᠯ ᠤ᠋ᠨ ᠡᠮᠬᠢᠳᠭᠡᠯ
>
ᠮᠣᠩᠭᠤᠯ ᠬᠡᠯᠡ ᠤᠳᠭ᠎ᠠ ᠵᠣᠬᠢᠶᠠᠯ ᠤ᠋ᠨ ᠰᠢᠨᠵᠢᠯᠡᠭᠡᠨ

ᠬᠢᠩᠭᠠᠨ ᠰᠤᠷᠭᠠᠭᠤᠯᠢ ᠵᠢᠨ ᠬᠣᠷᠢᠶ᠎ᠠ ᠪᠣᠯᠤᠨ︽ ᠬᠢᠩᠭᠠᠨ ᠳᠠᠪᠠᠭ᠎ᠠ︾ ᠰᠡᠳᠭᠦᠯ ᠤᠨ ᠲᠤᠬᠠᠢ ᠰᠢᠨᠵᠢᠯᠡᠬᠦ ᠨᠢ

ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠥᠪᠦᠷ ᠮᠣᠩᠭᠤᠯ ᠦ᠋ᠨ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ -> 201706
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2018/09/11
ᠦᠵᠡᠭᠰᠡᠨ ᠤᠳᠠᠭ᠎ᠠ: 1ᠤᠳᠠᠭ᠎ᠠ
ᠵᠣᠬᠢᠶᠠᠭᠴᠢ᠄ ᠨᠠᠬᠢᠶ᠎ᠠ
ᠵᠠᠩᠭᠢᠯᠠᠭ᠎ᠠ ᠦᠭᠡ᠄ ᠬᠢᠩᠭᠠᠨ ᠰᠤᠷᠭᠠᠭᠤᠯᠢ ᠵᠢᠨ ᠬᠣᠷᠢᠶ᠎ᠠ︔︽ ᠬᠢᠩᠭᠠᠨ ᠳᠠᠪᠠᠭ᠎ᠠ︾︵兴安岭)︔ ᠰᠤᠷᠭᠠᠭᠤᠯᠢ ᠵᠢᠨ ᠰᠡᠳᠭᠦᠯ
ᠰᠠᠭᠤᠷᠢ ᠮᠥᠩᠭᠦᠨ ᠤ᠋ ᠳᠡᠮᠵᠢᠯᠭᠡ᠄ ᠲᠤᠰ ᠰᠤᠳᠤᠯᠭᠠᠨ ᠤᠯᠤᠰ ᠤᠨ ᠨᠡᠢᠭᠡᠮ ᠦ᠋ᠨ ᠰᠢᠨᠵᠢᠯᠡᠬᠦ ᠤᠬᠠᠭᠠᠨ ᠤ᠋ ᠲᠥᠯᠦᠪᠵᠢᠭᠦᠯᠭᠡ ᠵᠢᠨ ᠲᠥᠰᠦᠯ︽ ᠬᠣᠷᠢᠳᠤᠭᠠᠷ ᠵᠠᠭᠤᠨ ᠤ᠋ ᠡᠮᠦᠨ᠎ᠡ ᠬᠠᠭᠠᠰ ᠲᠤ᠌ ᠶᠠᠫᠤᠨ ᠳ᠋ᠤ᠌ ᠰᠤᠷᠤᠯᠴᠠᠭᠰᠠᠨ ᠥᠪᠦᠷ ᠮᠣᠩᠭᠤᠯ  ᠰᠤᠷᠤᠭᠴᠢᠳ ᠤᠨᠲᠡᠦᠬᠡ ᠵᠢᠨ ᠰᠤᠳᠤᠯᠭ᠎ᠠ︾︵14BMZ014) ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ᠋ᠶᠡᠬᠡ ᠳᠡᠭᠡᠳᠦ ᠰᠤᠷᠭᠠᠭᠤᠯᠢ ᠵᠢᠨ ᠡᠷᠳᠡᠮ ᠰᠢᠨᠵᠢᠯᠡᠭᠡᠨ  ᠦ᠌ ᠲᠥᠯᠦᠪᠵᠢᠭᠦᠯᠭᠡ ᠵᠢᠨ ᠰᠤᠳᠤᠯᠭᠠᠨ ᠤ᠋ ᠴᠢᠬᠤᠯᠠ ᠰᠡᠳᠦᠪ  ᠦ᠋ᠨ ᠲᠥᠰᠦᠯ︵NJSZ14019) ᠤᠨ ᠳᠡᠮᠵᠢᠯᠭᠡ ᠶ᠋ᠢ ᠬᠦᠷᠲᠡᠪᠡ᠃
ᠠᠭᠤᠯᠭ᠎ᠠ ᠶ᠋ᠢᠨ ᠲᠣᠪᠴᠢ᠄ ᠲᠤᠰ ᠥᠭᠦᠯᠡᠯ ᠳ᠋ᠦ᠍ᠬᠢᠩᠭᠠᠨ ᠰᠤᠷᠭᠠᠭᠤᠯᠢ ᠵᠢᠨ ᠬᠣᠷᠢᠶ᠎ᠠ ᠪᠠᠢᠭᠤᠯᠤᠭᠳᠠᠭᠰᠠᠨ ᠲᠡᠦᠬᠡᠨ ᠶᠠᠪᠤᠴᠠ ᠶ᠋ᠢ ᠰᠢᠨᠵᠢᠯᠡᠨ᠂ ᠬᠢᠩᠭᠠᠨ ᠶᠡᠷᠦᠩᠬᠡᠢ ᠪᠠᠯᠭᠠᠳ ᠪᠣᠯᠤᠨ︽ ᠮᠠᠨᠵᠤ ᠤᠯᠤᠰ︾ ᠤ᠋ᠨ ᠵᠠᠰᠠᠭ ᠤᠨ ᠭᠠᠵᠠᠷ ᠤᠨ ᠤᠳᠭ᠎ᠠ ᠰᠤᠷᠲᠠᠬᠤᠨ ᠤ᠋ ᠶᠠᠮᠤᠨ ᠤ᠋ ᠬᠣᠭᠤᠷᠤᠨᠳᠤ ᠰᠠᠨᠠᠯ ᠵᠥᠷᠢᠯᠳᠦᠭᠡᠨ ᠲᠠᠢ ᠪᠠᠢᠭᠰᠠᠨ ᠬᠡᠮᠡᠬᠦ ᠦᠵᠡᠯᠲᠡ ᠪᠡᠨ ᠳᠤᠷᠠᠳᠴᠤ᠂ ᠬᠢᠩᠭᠠᠨ ᠰᠤᠷᠭᠠᠭᠤᠯᠢ ᠵᠢᠨ ᠬᠣᠷᠢᠶ᠎ᠠ ᠵᠢᠨ ᠰᠤᠷᠭᠠᠭᠤᠯᠢ ᠵᠢᠨ ᠰᠡᠳᠭᠦᠯ ᠪᠣᠯᠬᠤ︽ ᠬᠢᠩᠭᠠᠨ ᠳᠠᠪᠠᠭ᠎ᠠ︾ ᠰᠡᠳᠭᠦᠯ   ᠦ᠋ᠨ ᠲᠤᠬᠠᠢ ᠥᠭᠦᠯᠡᠵᠦ᠂︽ ᠮᠠᠨᠵᠤ ᠤᠯᠤᠰ︾ ᠤᠨ ᠦᠶ᠎ᠡ ᠵᠢᠨ ᠥᠪᠦᠷ ᠮᠣᠩᠭᠤᠯ ᠤᠨ ᠵᠡᠭᠦᠨ ᠣᠷᠤᠨ ᠳ᠋ᠤ᠌ ᠰᠤᠷᠭᠠᠭᠤᠯᠢ ᠵᠢᠨ ᠰᠡᠳᠭᠦᠯ ᠬᠡᠪᠯᠡᠭᠳᠡᠭᠰᠡᠨ ᠠᠬᠤᠢ ᠪᠠᠢᠳᠠᠯ᠂ ᠲᠤᠰ ᠰᠡᠳᠭᠦᠯ  ᠦ᠋ᠨ ᠠᠭᠤᠯᠭ᠎ᠠ᠂ ᠠᠴᠢ ᠬᠣᠯᠪᠤᠭᠳᠠᠯ ᠤᠨ ᠲᠤᠬᠠᠢ ᠦᠵᠡᠯᠲᠡ ᠪᠡᠨ ᠳᠤᠷᠠᠳᠴᠠᠢ᠃