ᠬᠤᠭᠤᠴᠠᠭᠠᠲᠦ ᠰᠡᠳᠭᠦᠯ
>
ᠮᠣᠩᠭᠤᠯ ᠬᠡᠯᠡ ᠪᠢᠴᠢᠭ
>
ᠪᠠᠷᠠᠭᠤᠨ ᠮᠣᠩᠭᠤᠯ ᠰᠤᠳᠤᠯᠤᠯ
>
ᠣᠢᠷᠠᠳ ᠰᠤᠳᠤᠯᠤᠯ
>
ᠥᠪᠦᠷ ᠮᠣᠩᠭᠤᠯ ᠤ᠋ᠨ ᠰᠤᠷᠭᠠᠨ ᠬᠥᠮᠦᠵᠢᠯ
>
ᠮᠣᠩᠭᠤᠯ ᠬᠡᠯᠡ ᠪᠢᠴᠢᠭ ᠦ᠋ᠨ ᠰᠤᠳᠤᠯᠤᠯᠭᠠᠨ ᠤ᠋ ᠮᠠᠲ᠋ᠧᠷᠢᠶᠠᠯ ᠤ᠋ᠨ ᠡᠮᠬᠢᠳᠭᠡᠯ
>
ᠮᠣᠩᠭᠤᠯ ᠬᠡᠯᠡ ᠤᠳᠭ᠎ᠠ ᠵᠣᠬᠢᠶᠠᠯ ᠤ᠋ᠨ ᠰᠢᠨᠵᠢᠯᠡᠭᠡᠨ

ᠮᠣᠩᠭᠤᠯᠴᠤᠳ ᠤᠨ ᠨᠠᠷᠠ ᠰᠠᠷ᠎ᠠ ᠭᠬᠢᠷᠲᠦᠬᠦ ᠦᠯᠢᠭᠡᠷ ᠦ᠋ᠨ ᠰᠤᠳᠤᠯᠤᠯ

ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠥᠪᠦᠷ ᠮᠣᠩᠭᠤᠯ ᠦ᠋ᠨ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ -> 201801
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2018/09/11
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠰᠢ ᠬᠠᠰᠪᠠᠭᠠᠲᠤᠷ
ᠵᠠᠩᠭᠢᠯᠠᠭ᠎ᠠ ᠦᠭᠡ᠄ ᠪᠤᠷᠬᠠᠨ ᠪᠠᠭᠰᠢ︔ ᠷᠠᠬᠤ︔ ᠨᠠᠷᠠ ᠰᠠᠷᠠ ᠭᠬᠢᠷᠲᠦᠬᠦ ᠦᠯᠢᠭᠡᠷ
ᠰᠠᠭᠤᠷᠢ ᠮᠥᠩᠭᠦᠨ ᠤ᠋ ᠳᠡᠮᠵᠢᠯᠭᠡ᠄ ᠲᠤᠰ ᠥᠭᠦᠯᠡᠯ ᠪᠣᠯ ᠤᠯᠤᠰ ᠨᠡᠢᠭᠡᠮ ᠦ᠋ᠨ ᠰᠢᠨᠵᠢᠯᠡᠬᠦ ᠤᠬᠠᠭᠠᠨ ᠤ᠋ ᠰᠠᠭᠤᠷᠢ ᠮᠥᠩᠭᠦ ᠵᠢᠨ ᠰᠡᠳᠦᠪ︽ ᠮᠣᠩᠭᠤᠯᠴᠤᠳ ᠤ᠋ᠨ ᠰᠢᠲᠦᠯᠭᠡ ᠪᠢᠰᠢᠷᠡᠯ ᠤ᠋ᠨ ᠵᠠᠩ ᠦᠢᠯᠡ ᠵᠢᠨ ᠠᠮᠢ ᠠᠬᠤᠢ ᠵᠢᠨ ᠬᠥᠮᠦᠨ ᠵᠦᠢ ᠵᠢᠨ ᠰᠤᠳᠤᠯᠤᠯ︾︵ ᠵᠥᠪᠰᠢᠶᠡᠷᠡᠭᠰᠡᠨ ᠨᠣᠮᠧᠷ ᠄12BMZ085︶ ᠤᠨ ᠨᠢᠭᠡ ᠬᠡᠰᠡᠭ ᠪᠣᠯᠤᠨ᠎ᠠ᠃
ᠠᠭᠤᠯᠭ᠎ᠠ ᠶ᠋ᠢᠨ ᠲᠣᠪᠴᠢ᠄ ᠲᠤᠰ ᠥᠭᠦᠯᠡᠯ ᠳ᠋ᠦ᠍᠂ ᠠᠮᠢ ᠠᠬᠤᠢ ᠵᠢᠨ ᠬᠥᠮᠦᠨ ᠵᠦᠢ ᠵᠢᠨ ᠬᠠᠷᠠᠭᠠᠰᠤ ᠠ᠋ᠴᠠ ᠮᠣᠩᠭᠤᠯᠴᠤᠳ ᠤᠨ ᠳᠤᠮᠳᠠ ᠤᠯᠠᠮᠵᠢᠯᠠᠭᠳᠠᠭᠰᠠᠨ ᠨᠠᠷᠠ ᠰᠠᠷᠠ ᠭᠬᠢᠷᠲᠦᠬᠦ ᠦᠯᠢᠭᠡᠷ ᠲᠦ᠍ ᠠᠭᠤᠯᠤᠭᠳᠠᠭᠰᠠᠨ ᠠᠮᠢ ᠠᠬᠤᠢ ᠵᠢᠨ ᠤᠬᠠᠮᠰᠠᠷ ᠢ᠋ ᠠᠭᠤᠳᠠᠯᠤᠨ ᠰᠢᠨᠵᠢᠯᠡᠵᠡᠢ᠃ ᠭᠡᠬᠦ ᠳ᠋ᠦ᠍ ᠪᠠᠨ ᠤᠷᠢᠳ ᠢ᠋ᠶ᠋ᠠᠷ ᠪᠤᠷᠬᠠᠨ ᠪᠠᠭᠰᠢ ᠪᠣᠯᠤᠨ ᠷᠠᠬᠤ ᠵᠢᠨ ᠡᠰᠡᠷᠭᠦᠴᠡᠯᠳᠦᠨ ᠣᠷᠤᠰᠢᠬᠤ ᠰᠢᠯᠲᠠᠭᠠᠨ ᠢ᠋ ᠵᠠᠳᠠᠯᠵᠤ᠂ ᠳᠠᠷᠠᠭ᠎ᠠ ᠨᠢ ᠨᠠᠷᠠ ᠰᠠᠷᠠ ᠭᠬᠢᠷᠲᠦᠬᠦ ᠰᠢᠯᠲᠠᠭᠠᠨ᠂ ᠷᠠᠬᠤ ᠵᠢ ᠦᠯᠳᠡᠨ ᠬᠥᠭᠡᠭᠡᠬᠦ ᠵᠠᠩᠰᠢᠯ ᠵᠢᠴᠢ ᠵᠡᠭᠡᠷᠭᠡᠨ᠎ᠡ᠂ ᠨᠠᠷᠠᠰᠤ᠂ ᠠᠷᠴᠠ ᠮᠥᠩᠬᠡ ᠨᠣᠭᠤᠭᠠᠨ ᠪᠣᠯᠤᠭᠰᠠᠨ ᠲᠤᠬᠠᠢ ᠡᠷᠲᠡᠨ ᠦ᠌ ᠮᠣᠩᠭᠤᠯᠴᠤᠳ ᠤᠨ ᠦᠵᠡᠯᠲᠡ ᠲᠠᠨᠢᠯᠲᠠ ᠨᠢ ᠨᠢᠭᠡ ᠵᠦᠢᠯ ᠤᠨ ᠪᠠᠢᠭᠠᠯᠢ ᠵᠢᠨ ᠲᠠᠨᠢᠯᠲᠠ ᠪᠣᠯᠬᠣᠷ ᠠᠮᠢ ᠠᠬᠤᠢ ᠵᠢᠨ ᠦᠨ᠎ᠡ ᠥᠷᠲᠡᠭ ᠲᠠᠢ ᠭᠡᠵᠦ ᠦᠵᠡᠪᠡ᠃