ᠬᠤᠭᠤᠴᠠᠭᠠᠲᠦ ᠰᠡᠳᠭᠦᠯ
>
ᠮᠣᠩᠭᠤᠯ ᠬᠡᠯᠡ ᠪᠢᠴᠢᠭ
>
ᠪᠠᠷᠠᠭᠤᠨ ᠮᠣᠩᠭᠤᠯ ᠰᠤᠳᠤᠯᠤᠯ
>
ᠣᠢᠷᠠᠳ ᠰᠤᠳᠤᠯᠤᠯ
>
ᠥᠪᠦᠷ ᠮᠣᠩᠭᠤᠯ ᠤ᠋ᠨ ᠰᠤᠷᠭᠠᠨ ᠬᠥᠮᠦᠵᠢᠯ
>
ᠮᠣᠩᠭᠤᠯ ᠬᠡᠯᠡ ᠪᠢᠴᠢᠭ ᠦ᠋ᠨ ᠰᠤᠳᠤᠯᠤᠯᠭᠠᠨ ᠤ᠋ ᠮᠠᠲ᠋ᠧᠷᠢᠶᠠᠯ ᠤ᠋ᠨ ᠡᠮᠬᠢᠳᠭᠡᠯ
>
ᠮᠣᠩᠭᠤᠯ ᠬᠡᠯᠡ ᠤᠳᠭ᠎ᠠ ᠵᠣᠬᠢᠶᠠᠯ ᠤ᠋ᠨ ᠰᠢᠨᠵᠢᠯᠡᠭᠡᠨ

ᠬᠤᠭᠤᠷ ᠤᠨ ᠦᠯᠢᠭᠡᠷ ᠤ᠋ᠨ ᠰᠣᠨᠤᠰᠤᠭᠴᠢ ᠵᠢᠨ ᠦᠢᠯᠡᠳᠦᠯ ᠦ᠋ᠨ ᠲᠤᠬᠠᠢ ᠥᠭᠦᠯᠡᠬᠦ ᠨᠢ

ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠥᠪᠦᠷ ᠮᠣᠩᠭᠤᠯ ᠦ᠋ᠨ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ -> 201801
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2018/09/11
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠰᠡᠴᠡᠨᠲᠤᠶᠠᠭ᠎ᠠ
ᠵᠠᠩᠭᠢᠯᠠᠭ᠎ᠠ ᠦᠭᠡ᠄ ᠬᠤᠭᠤᠷ ᠤᠨ ᠦᠯᠢᠭᠡᠷ︔ ᠰᠣᠨᠤᠰᠤᠭᠴᠢ︔ ᠰᠣᠨᠤᠰᠤᠭᠴᠢ ᠵᠢᠨ ᠦᠢᠯᠡᠳᠦᠯ︔ ᠣᠳᠣᠬᠢ ᠪᠠᠢᠳᠠᠯ︔ ᠰᠠᠨᠠᠭᠠᠴᠢᠯᠠᠭ᠎ᠠ
ᠰᠠᠭᠤᠷᠢ ᠮᠥᠩᠭᠦᠨ ᠤ᠋ ᠳᠡᠮᠵᠢᠯᠭᠡ᠄ ᠲᠤᠰ ᠥᠭᠦᠯᠡᠯ ᠪᠣᠯ ᠰᠤᠷᠭᠠᠨ ᠬᠥᠮᠦᠵᠢᠯ  ᠦ᠋ᠨ ᠶᠠᠮᠤᠨ ᠤ᠋ ᠬᠥᠮᠦᠨ ᠰᠣᠶᠤᠯ ᠨᠡᠢᠭᠡᠮ ᠦ᠋ᠨ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠲᠥᠰᠦᠯ︽ ᠬᠤᠭᠤᠷ ᠤ᠋ᠨ ᠦᠯᠢᠭᠡᠷ ᠦ᠋ᠨ ᠠᠮᠠᠨ ᠬᠦᠦᠷᠨᠢᠯ ᠵᠢᠴᠢ ᠲᠡᠭᠦᠨ ᠦ᠌ ᠬᠦᠯᠢᠶᠡᠨ ᠠᠪᠤᠭᠴᠢ ᠵᠢᠨ ᠪᠠᠢᠴᠠᠭᠠᠯᠲᠠ ᠰᠤᠳᠤᠯᠤᠯᠲᠠ︾︵11YJC751065︶᠂ ᠤᠯᠤᠰ ᠤᠨ ᠨᠡᠢᠭᠡᠮ ᠦ᠋ᠨ ᠰᠢᠨᠵᠢᠯᠡᠬᠦ ᠤᠬᠠᠭᠠᠨ ᠤ᠋ ᠰᠠᠭᠤᠷᠢ ᠮᠥᠩᠭᠦᠨ ᠦ᠌ ᠬᠦᠨᠳᠦ ᠲᠣᠮᠤ ᠲᠥᠰᠦᠯ︽ ᠬᠤᠭᠤᠷ ᠤ᠋ᠨ ᠦᠯᠢᠭᠡᠷ︵300 ᠪᠣᠳᠢ︶ ᠤᠨ ᠡᠮᠬᠢᠳᠭᠡᠯ ᠬᠢᠭᠡᠳ ᠰᠤᠳᠤᠯᠤᠯ︾︵13&ZD139︶  ᠤᠨ ᠰᠠᠯᠪᠤᠷᠢ ᠰᠡᠳᠦᠪ︽ ᠬᠤᠭᠤᠷ ᠤᠨ ᠦᠯᠢᠭᠡᠷ  ᠦ᠋ᠨ ᠰᠣᠨᠤᠰᠤᠭᠴᠢ ᠵᠢᠨ ᠪᠠᠢᠴᠠᠭᠠᠯᠲᠠ ᠰᠤᠳᠤᠯᠤᠯᠲᠠ︾ ᠵᠢᠨ ᠨᠢᠭᠡ ᠬᠡᠰᠡᠭ ᠪᠣᠯᠤᠨ᠎ᠠ᠃
ᠠᠭᠤᠯᠭ᠎ᠠ ᠶ᠋ᠢᠨ ᠲᠣᠪᠴᠢ᠄ ᠬᠤᠭᠤᠷ ᠤᠨ ᠦᠯᠢᠭᠡᠷ ᠦ᠋ᠨ ᠰᠣᠨᠤᠰᠤᠭᠴᠢ ᠪᠣᠯ ᠬᠤᠭᠤᠷ ᠤᠨ ᠦᠯᠢᠭᠡᠷ ᠦ᠋ᠨ ᠬᠡᠯᠡᠵᠦ ᠳᠠᠭᠤᠯᠠᠬᠤ᠂ ᠤᠯᠠᠮᠵᠢᠯᠠᠨ ᠲᠠᠷᠬᠠᠬᠤ᠂ ᠥᠷᠭᠡᠵᠢᠨ ᠳᠡᠯᠭᠡᠷᠡᠬᠦ᠂ ᠬᠠᠮᠠᠭᠠᠯᠠᠨ ᠬᠥᠭᠵᠢᠭᠦᠯᠬᠦ ᠪᠦᠬᠦ ᠶᠠᠪᠤᠴᠠ ᠳ᠋ᠤ᠌ ᠬᠣᠯᠪᠤᠭᠳᠠᠬᠤ ᠴᠢᠬᠤᠯᠠ ᠨᠢᠭᠡᠨ ᠬᠦᠴᠦᠨ ᠪᠣᠯᠬᠤ ᠪᠥᠭᠡᠳ ᠬᠤᠭᠤᠷ ᠤᠨ ᠦᠯᠢᠭᠡᠷ ᠦ᠋ᠨ ᠰᠤᠳᠤᠯᠭᠠᠨ ᠳ᠋ᠤ᠌ ᠣᠮᠳᠤᠭᠠᠢᠯᠠᠵᠤ ᠪᠣᠯᠤᠰᠢ ᠦᠭᠡᠢ ᠨᠢᠭᠡᠨ ᠵᠠᠩᠭᠢᠯᠠᠭ᠎ᠠ ᠪᠣᠯᠤᠨ᠎ᠠ᠃ ᠥᠭᠦᠯᠡᠯ ᠳ᠋ᠦ᠍᠂ ᠬᠤᠭᠤᠷ ᠤᠨ ᠦᠯᠢᠭᠡᠷ ᠦ᠋ᠨ ᠰᠣᠨᠤᠰᠤᠭᠴᠢ ᠵᠢᠨ ᠥᠩᠭᠡᠷᠡᠭᠰᠡᠨ ᠬᠢᠭᠡᠳ ᠣᠳᠣᠬᠢ ᠪᠠᠢᠳᠠᠯ ᠢ᠋ ᠰᠢᠨᠵᠢᠯᠡᠭᠡᠳ᠂ ᠰᠣᠨᠤᠰᠤᠭᠴᠢ ᠵᠢᠨ ᠴᠥᠭᠡᠷᠡᠵᠦ ᠪᠠᠢᠭ᠎ᠠ ᠠᠰᠠᠭᠤᠳᠠᠯ ᠳ᠋ᠤ᠌ ᠴᠢᠭᠯᠡᠭᠦᠯᠦᠨ ᠰᠣᠨᠤᠰᠤᠭᠴᠢᠳ ᠤ᠋ᠨ ᠰᠣᠨᠢᠷᠬᠠᠯ ᠳ᠋ᠤ᠌ ᠨᠡᠢᠴᠡᠭᠦᠯᠬᠦ᠂ ᠬᠤᠭᠤᠷᠴᠢᠳ ᠤᠨ ᠨᠥᠬᠦᠴᠡᠯ ᠪᠣᠯᠪᠠᠰᠤᠷᠠᠯ ᠢ᠋ ᠰᠠᠢᠵᠢᠷᠠᠭᠤᠯᠬᠤ᠂ ᠰᠢᠨ᠎ᠡ ᠵᠠᠭᠤᠴᠢᠯᠠᠭᠤᠷ ᠢ᠋ ᠠᠰᠢᠭᠯᠠᠬᠤ᠂ ᠰᠤᠷᠭᠠᠭᠤᠯᠢ ᠳ᠋ᠤ᠌ ᠬᠤᠭᠤᠷ ᠤᠨ ᠦᠯᠢᠭᠡᠷ ᠦ᠋ᠨ ᠬᠢᠴᠢᠶᠡᠯ ᠨᠡᠭᠡᠭᠡᠬᠦ ᠵᠡᠷᠭᠡ ᠳᠥᠷᠪᠡᠨ ᠵᠦᠢᠯ ᠦ᠋ᠨ ᠪᠣᠳᠠᠲᠠᠢ ᠰᠠᠨᠠᠭᠠᠴᠢᠯᠠᠭ᠎ᠠ ᠳᠤᠷᠠᠳᠤᠭᠰᠠᠨ ᠪᠠᠢᠨ᠎ᠠ᠃