ᠬᠤᠭᠤᠴᠠᠭᠠᠲᠦ ᠰᠡᠳᠭᠦᠯ
>
ᠮᠣᠩᠭᠤᠯ ᠬᠡᠯᠡ ᠪᠢᠴᠢᠭ
>
ᠪᠠᠷᠠᠭᠤᠨ ᠮᠣᠩᠭᠤᠯ ᠰᠤᠳᠤᠯᠤᠯ
>
ᠣᠢᠷᠠᠳ ᠰᠤᠳᠤᠯᠤᠯ
>
ᠥᠪᠦᠷ ᠮᠣᠩᠭᠤᠯ ᠤ᠋ᠨ ᠰᠤᠷᠭᠠᠨ ᠬᠥᠮᠦᠵᠢᠯ
>
ᠮᠣᠩᠭᠤᠯ ᠬᠡᠯᠡ ᠪᠢᠴᠢᠭ ᠦ᠋ᠨ ᠰᠤᠳᠤᠯᠤᠯᠭᠠᠨ ᠤ᠋ ᠮᠠᠲ᠋ᠧᠷᠢᠶᠠᠯ ᠤ᠋ᠨ ᠡᠮᠬᠢᠳᠭᠡᠯ
>
ᠮᠣᠩᠭᠤᠯ ᠬᠡᠯᠡ ᠤᠳᠭ᠎ᠠ ᠵᠣᠬᠢᠶᠠᠯ ᠤ᠋ᠨ ᠰᠢᠨᠵᠢᠯᠡᠭᠡᠨ

︽ᠵᠡᠭᠦᠨ ᠮᠣᠩᠭᠤᠯ ᠤᠨ ᠠᠮᠠᠨ ᠶᠠᠷᠢᠶᠠᠨ ᠤ᠋ ᠲᠡᠭᠦᠪᠦᠷᠢ︾ ᠵᠢᠨ ᠲᠤᠬᠠᠢ ᠵᠠᠷᠢᠮ ᠠᠰᠠᠭᠤᠳᠠᠯ ᠳ᠋ᠤ᠌

ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠥᠪᠦᠷ ᠮᠣᠩᠭᠤᠯ ᠦ᠋ᠨ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ -> 201703
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2018/09/11
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠬᠠᠨ ᠴᠦᠡ ᠶᠢᠩ
ᠵᠠᠩᠭᠢᠯᠠᠭ᠎ᠠ ᠦᠭᠡ᠄ ︽ᠵᠡᠭᠦᠨ ᠮᠣᠩᠭᠤᠯ ᠤᠨ ᠠᠮᠠᠨ ᠶᠠᠷᠢᠶᠠᠨ ᠤ᠋ ᠲᠡᠭᠦᠪᠦᠷᠢ︾︔ ᠡᠭᠡᠰᠢᠭ︔ ᠭᠡᠢᠭᠦᠯᠦᠭᠴᠢ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠶᠠᠫᠤᠨ ᠤ᠋ ᠮᠣᠩᠭᠤᠯ ᠬᠡᠯᠡ ᠰᠤᠳᠤᠯᠤᠯ20 ᠳ᠋ᠤᠭᠠᠷ ᠵᠠᠭᠤᠨ ᠤ᠋ ᠡᠬᠢᠨ ᠤ᠋ ᠦᠶ᠎ᠡ ᠡᠴᠡ ᠥᠷᠨᠢᠨ ᠬᠥᠭᠵᠢᠵᠦ᠂ ᠮᠣᠩᠭᠤᠯ ᠬᠡᠯᠡ ᠪᠢᠴᠢᠭ ᠤᠨ ᠰᠤᠳᠤᠯᠭᠠᠨ ᠤ᠋ ᠵᠣᠬᠢᠶᠠᠯ ᠮᠠᠰᠢ ᠣᠯᠠᠨ ᠨᠡᠢᠲᠡᠯᠡᠭᠳᠡᠭᠰᠡᠨ ᠪᠢᠯᠡ᠃ ᠡᠭᠦᠨ ᠳ᠋ᠦ᠍︽ᠵᠡᠭᠦᠨ ᠮᠣᠩᠭᠤᠯ ᠤᠨ ᠠᠮᠠᠨ ᠶᠠᠷᠢᠶᠠᠨ ᠤ᠋ ᠲᠡᠭᠦᠪᠦᠷᠢ︾︵1918 ᠣᠨ︶ ᠭᠡᠳᠡᠭ ᠪᠦᠲᠦᠭᠡᠯ ᠪᠣᠯ ᠺᠠᠲ᠋ᠺᠠᠨᠠ ᠪᠠᠷ ᠮᠣᠩᠭᠤᠯ ᠬᠡᠯᠡ ᠶ᠋ᠢ ᠠᠪᠢᠶᠠᠴᠢᠯᠠᠨ ᠲᠡᠮᠳᠡᠭᠯᠡᠭᠰᠡᠨ ᠴᠢᠬᠤᠯᠠ ᠰᠤᠷᠪᠤᠯᠵᠢᠰ ᠤᠨ ᠨᠢᠭᠡ ᠨᠢ ᠪᠥᠭᠡᠳ ᠮᠣᠩᠭᠤᠯ ᠬᠡᠯᠡᠨ ᠤ᠋ ᠨᠤᠲᠤᠭ ᠤᠨ ᠠᠶᠠᠯᠭᠤᠨ ᠤ᠋ ᠰᠤᠳᠤᠯᠤᠯ ᠳ᠋ᠤ᠌ ᠴᠢᠬᠤᠯᠠ ᠠᠴᠢ ᠬᠣᠯᠪᠤᠭᠳᠠᠯ ᠲᠠᠢ ᠮᠠᠲ᠋ᠧᠷᠢᠶᠠᠯ ᠶᠤᠮ᠃ ᠥᠭᠦᠯᠡᠯ ᠳ᠋ᠦ᠍ ᠲᠤᠰ ᠪᠦᠲᠦᠭᠡᠯ ᠦ᠋ᠨ ᠲᠤᠬᠠᠢ ᠲᠠᠨᠢᠯᠴᠠᠭᠤᠯᠤᠭᠰᠠᠨ ᠤ᠋ ᠳᠠᠷᠠᠭ᠎ᠠ᠂ ᠲᠡᠭᠦᠨ ᠳ᠋ᠦ᠍ ᠲᠡᠮᠳᠡᠭᠯᠡᠭᠳᠡᠭᠰᠡᠨ ᠵᠡᠭᠦᠨ ᠮᠣᠩᠭᠤᠯ ᠤᠨ ᠠᠮ᠂ ᠠᠮᠠᠨ ᠠᠶᠠᠯᠭᠤᠨ ᠤ᠋ ᠡᠭᠡᠰᠢᠭ᠂ ᠭᠡᠢᠭᠦᠯᠦᠭᠴᠢ ᠠᠪᠢᠶᠠᠨ ᠤ᠋ ᠦᠨᠳᠦᠰᠦᠨ ᠲᠣᠭᠲᠠᠯᠴᠠᠭ᠎ᠠ ᠶ᠋ᠢ ᠲᠣᠳᠤᠷᠬᠠᠢᠯᠠᠬᠤ ᠶ᠋ᠢ ᠬᠢᠴᠢᠶᠡᠭᠰᠡᠨ ᠤ᠋ ᠳᠠᠭᠠᠤ᠂ ᠡᠨᠡ ᠪᠣᠯ ᠬᠠᠷᠠᠴᠢᠨ ᠲᠦᠮᠡᠳ ᠠᠮᠠᠨ ᠠᠶᠠᠯᠭᠤ ᠶ᠋ᠢ ᠰᠤᠳᠤᠯᠤᠭᠰᠠᠨ ᠪᠦᠲᠦᠭᠡᠯ ᠮᠥᠨ ᠭᠡᠬᠦ ᠦᠵᠡᠯᠲᠡ ᠶ᠋ᠢ ᠳᠡᠪᠰᠢᠭᠦᠯᠪᠡ᠃