ᠮᠣᠩᠭᠤᠯ ᠬᠡᠯᠡᠨ ᠤ᠋ ᠺᠢᠨᠣ᠋ ᠣᠷᠴᠢᠭᠤᠯᠭ᠎ᠠ ᠵᠢᠨ ᠲᠡᠦᠬᠡᠨ ᠦᠶᠡᠴᠢᠯᠡᠯ ᠤᠨ ᠲᠤᠬᠠᠢ ᠥᠭᠦᠯᠡᠬᠦ ᠨᠢ
ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠥᠪᠦᠷ ᠮᠣᠩᠭᠤᠯ ᠦ᠋ᠨ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ -> 201703
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2018/09/11
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠬᠡᠷᠡᠯᠴᠢᠮᠡᠭ
ᠵᠠᠩᠭᠢᠯᠠᠭ᠎ᠠ ᠦᠭᠡ᠄ ᠮᠣᠩᠭᠤᠯ ᠬᠡᠯᠡᠨ ᠦ᠌ ᠺᠢᠨᠣ᠋ ᠣᠷᠴᠢᠭᠤᠯᠭ᠎ᠠ︔ ᠲᠡᠦᠬᠡᠨ ᠦᠶᠡᠴᠢᠯᠡᠯ︔ ᠣᠯᠤᠯᠲᠠ ᠠᠮᠵᠢᠯᠲᠠ︔ ᠬᠦᠴᠢᠷ ᠪᠡᠷᠬᠡᠰᠢᠶᠡᠯ ᠥᠭᠡᠷᠡᠴᠢᠯᠡᠯᠲᠡ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠮᠣᠩᠭᠤᠯ ᠬᠡᠯᠡ ᠪᠡᠷ ᠺᠢᠨᠣ᠋ ᠣᠷᠴᠢᠭᠤᠯᠬᠤ ᠠᠵᠢᠯ ᠨᠢᠭᠡᠨᠲᠡ ᠵᠢᠷᠠᠨ ᠲᠠᠪᠤᠨ ᠵᠢᠯ ᠦ᠋ᠨ ᠲᠡᠦᠬᠡ ᠲᠠᠢ ᠪᠣᠯᠤᠭᠰᠠᠨ ᠪᠥᠭᠡᠳ ᠡᠨᠡ ᠬᠤᠭᠤᠴᠠᠭᠠᠨ ᠳ᠋ᠤ᠌ ᠠᠰᠤᠷᠤ ᠶᠡᠬᠡ ᠠᠮᠵᠢᠯᠲᠠ ᠳ᠋ᠤ᠌ ᠬᠦᠷᠦᠭᠰᠡᠨ ᠪᠠᠢᠨ᠎ᠠ᠃ ᠲᠤᠰ ᠥᠭᠦᠯᠡᠯ ᠳ᠋ᠦ᠍ ᠮᠣᠩᠭᠤᠯ ᠬᠡᠯᠡᠨ ᠦ᠌ ᠺᠢᠨᠣ᠋ ᠣᠷᠴᠢᠭᠤᠯᠭ᠎ᠠ ᠵᠢᠨ ᠬᠥᠭᠵᠢᠯ ᠦ᠋ᠨ ᠱᠠᠲᠤ ᠦᠶ᠎ᠡ ᠶ᠋ᠢ ᠡᠰᠡᠨᠢᠨ ᠮᠡᠨᠳᠦᠯᠡᠭᠰᠡᠨ ᠠᠩᠬᠠᠨ ᠤ᠋ ᠦᠶ᠎ᠡ︵1953-1962)᠂ ᠪᠠᠭᠤᠷᠠᠵᠤ ᠵᠣᠭᠰᠤᠩᠭᠤᠢᠷᠠᠭᠰᠠᠨ ᠬᠣᠶᠠᠳᠠᠬᠢ ᠦᠶ᠎ᠡ︵1962-1972)᠂ ᠰᠡᠷᠭᠦᠨ ᠬᠥᠭᠵᠢᠭᠰᠡᠨ ᠭᠤᠷᠪᠠᠳᠠᠬᠢ ᠦᠶ᠎ᠡ︵1972-1994)᠂ ᠠᠬᠢᠨ ᠳᠠᠪᠰᠢᠭᠰᠠᠨ ᠳᠦᠷᠪᠡᠲᠡᠬᠢ ᠦᠶ᠎ᠡ︵1994 ᠣᠨ ᠠ᠋ᠴᠠ ᠨᠠᠭᠠᠰᠢ︶ ᠭᠡᠬᠦ ᠳᠥᠷᠪᠡᠨ ᠱᠠᠲᠤ ᠪᠠᠷ ᠦᠶᠡᠴᠢᠯᠡᠵᠦ᠂ ᠱᠠᠲᠤ ᠦᠶ᠎ᠡ ᠪᠦᠷᠢ ᠳ᠋ᠦ᠍ ᠬᠢᠭᠳᠡᠭᠰᠡᠨ ᠮᠣᠩᠭᠤᠯ ᠬᠡᠯᠡᠨ ᠤ᠋ ᠺᠢᠨᠣ᠋ ᠣᠷᠴᠢᠭᠤᠯᠭ᠎ᠠ ᠵᠢᠨ ᠬᠠᠮᠢᠶ᠎ᠠ ᠪᠦᠬᠦᠢ ᠰᠠᠭᠤᠷᠢ ᠠᠵᠢᠯ ᠤᠳ᠂ ᠺᠢᠨᠣ᠋ ᠣᠷᠴᠢᠭᠤᠯᠭ᠎ᠠ ᠵᠢᠨ ᠦᠢᠯᠡᠳᠦᠯᠭᠡ᠂ ᠥᠭᠡᠷᠡᠴᠢᠯᠡᠯᠲᠡ ᠵᠢᠨ ᠶᠠᠪᠤᠴᠠ ᠳ᠋ᠤ᠌ ᠲᠤᠯᠭᠠᠷᠠᠭᠰᠠᠨ ᠠᠰᠠᠭᠤᠳᠠᠯ ᠤᠳ ᠬᠢᠭᠡᠳ ᠣᠯᠣᠭᠰᠠᠨ ᠠᠮᠵᠢᠯᠲᠠ ᠪᠦᠲᠦᠮᠵᠢ ᠶ᠋ᠢ ᠬᠤᠷᠢᠶᠠᠩᠭᠤᠢᠯᠠᠨ ᠳ᠋ᠦᠩᠨᠡᠵᠡᠢ᠃