ᠬᠤᠭᠤᠴᠠᠭᠠᠲᠦ ᠰᠡᠳᠭᠦᠯ
>
ᠮᠣᠩᠭᠤᠯ ᠬᠡᠯᠡ ᠪᠢᠴᠢᠭ
>
ᠪᠠᠷᠠᠭᠤᠨ ᠮᠣᠩᠭᠤᠯ ᠰᠤᠳᠤᠯᠤᠯ
>
ᠣᠢᠷᠠᠳ ᠰᠤᠳᠤᠯᠤᠯ
>
ᠥᠪᠦᠷ ᠮᠣᠩᠭᠤᠯ ᠤ᠋ᠨ ᠰᠤᠷᠭᠠᠨ ᠬᠥᠮᠦᠵᠢᠯ
>
ᠮᠣᠩᠭᠤᠯ ᠬᠡᠯᠡ ᠪᠢᠴᠢᠭ ᠦ᠋ᠨ ᠰᠤᠳᠤᠯᠤᠯᠭᠠᠨ ᠤ᠋ ᠮᠠᠲ᠋ᠧᠷᠢᠶᠠᠯ ᠤ᠋ᠨ ᠡᠮᠬᠢᠳᠭᠡᠯ
>
ᠮᠣᠩᠭᠤᠯ ᠬᠡᠯᠡ ᠤᠳᠭ᠎ᠠ ᠵᠣᠬᠢᠶᠠᠯ ᠤ᠋ᠨ ᠰᠢᠨᠵᠢᠯᠡᠭᠡᠨ

ᠮᠣᠩᠭᠤᠯ ᠰᠣᠨᠢᠨ ᠤ᠋ ᠸᠢᠴᠠᠲ ᠤᠨ  ᠤᠯᠠᠨ ᠨᠡᠢᠲᠡ ᠵᠢᠨ ᠲᠠᠪᠴᠠᠩ ᠤᠨ ᠲᠤᠬᠠᠢ ᠥᠭᠦᠯᠡᠬᠦ ᠨᠢ

ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠥᠪᠦᠷ ᠮᠣᠩᠭᠤᠯ ᠦ᠋ᠨ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ -> 201703
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2018/09/11
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠰᠢᠯᠢᠩᠭᠤᠸ᠎ᠠ
ᠵᠠᠩᠭᠢᠯᠠᠭ᠎ᠠ ᠦᠭᠡ᠄ ᠮᠣᠩᠭᠤᠯ ᠰᠣᠨᠢᠨ︔ ᠸᠢᠴᠠᠲ ᠤᠨ ᠤᠯᠠᠨ ᠨᠡᠢᠲᠡ ᠵᠢᠨ ᠲᠠᠪᠴᠠᠩ︔ ᠬᠥᠭᠵᠢᠭᠦᠯᠬᠦ ᠠᠷᠭ᠎ᠠ ᠪᠣᠳᠤᠯᠭ᠎ᠠ
ᠰᠠᠭᠤᠷᠢ ᠮᠥᠩᠭᠦᠨ ᠤ᠋ ᠳᠡᠮᠵᠢᠯᠭᠡ᠄ ᠥᠪᠦᠷ ᠮᠣᠩᠭᠤᠯ ᠤᠨ ᠨᠡᠢᠭᠡᠮ ᠦ᠋ᠨ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠲᠥᠰᠦᠯ:︽ ᠮᠣᠩᠭᠤᠯ ᠰᠣᠨᠢᠨ ᠢ᠋ ᠰᠢᠨ᠎ᠡ ᠵᠠᠭᠤᠴᠢᠯᠠᠭᠤᠷ ᠲᠠᠢ ᠠᠭᠤᠰᠤᠯᠴᠠᠭᠤᠯᠤᠨ ᠬᠥᠭᠵᠢᠭᠦᠯᠬᠦ ᠲᠤᠬᠠᠢ ᠰᠤᠳᠤᠯᠭ᠎ᠠ︾ ᠵᠢᠨ ᠳᠡᠮᠵᠢᠯᠭᠡ ᠶ᠋ᠢ ᠣᠯᠪᠠ᠃ᠲᠥᠰᠦᠯ ᠦ᠋ᠨ ᠳ᠋ᠤᠭᠠᠷ᠄ 16C02᠃
ᠠᠭᠤᠯᠭ᠎ᠠ ᠶ᠋ᠢᠨ ᠲᠣᠪᠴᠢ᠄ ᠸᠢᠴᠠᠲ ᠭᠡᠬᠦ ᠵᠠᠭᠤᠴᠢᠯᠠᠭᠤᠷ ᠤᠨ ᠲᠦᠭᠡᠮᠡᠯᠵᠢᠬᠦ ᠶ᠋ᠢ ᠳᠠᠭᠠᠯᠳᠤᠨ᠂ ᠲᠡᠭᠦᠨ ᠦ᠌ ᠳᠠᠭᠠᠯᠲᠠ ᠪᠦᠲᠦᠭᠳᠡᠬᠦᠨ ᠪᠣᠯᠬᠤ ᠣᠯᠠᠨ ᠨᠡᠢᠲᠡ ᠵᠢᠨ ᠲᠠᠪᠴᠠᠩ ᠬᠥᠮᠦᠰ ᠦ᠋ᠨ ᠠᠩᠬᠠᠷᠤᠯ ᠢ᠋ ᠲᠠᠲᠠᠵᠤ ᠡᠬᠢᠯᠡᠪᠡ᠃ ᠣᠯᠠᠨ ᠨᠡᠢᠲᠡ ᠵᠢᠨ ᠲᠠᠪᠴᠠᠩ  ᠤᠨ ᠬᠡᠷᠡᠭᠯᠡᠭᠴᠢᠳ ᠤᠨ ᠲᠣᠭ᠎ᠠ ᠣᠯᠠᠨ ᠪᠣᠯᠬᠣᠷ ᠲᠡᠷᠡ ᠨᠢ ᠡᠯ᠎ᠡ ᠵᠠᠭᠤᠴᠢᠯᠠᠭᠤᠷ ᠰᠤᠷᠠᠭ ᠵᠠᠩᠭᠢ ᠳᠠᠮᠵᠢᠭᠤᠯᠬᠤ ᠰᠢᠨ᠎ᠡ ᠲᠠᠯᠠᠪᠤᠷ ᠪᠣᠯᠵᠤ᠂ ᠤᠯᠠᠮᠵᠢᠯᠠᠯᠲᠤ ᠵᠠᠭᠤᠴᠢᠯᠠᠭᠤᠷ ᠤᠨ ᠰᠢᠨ᠎ᠡ ᠵᠠᠭᠤᠴᠢᠯᠠᠭᠤᠷ ᠲᠠᠢ ᠠᠭᠤᠰᠤᠯᠴᠠᠨ ᠬᠥᠭᠵᠢᠬᠦ ᠶᠠᠪᠤᠴᠠ ᠳ᠋ᠤ᠌ ᠬᠢ ᠴᠢᠬᠤᠯᠠ ᠨᠢᠭᠡᠨ ᠠᠷᠭ᠎ᠠ ᠬᠡᠯᠪᠡᠷᠢ ᠪᠣᠯᠵᠤ ᠪᠠᠢᠨ᠎ᠠ᠃ ᠲᠤᠰ ᠥᠭᠦᠯᠡᠯ ᠳ᠋ᠦ᠍ ᠮᠣᠩᠭᠤᠯ ᠰᠣᠨᠢᠨ ᠤ᠋ ᠸᠢᠴᠠᠲ ᠤᠨ ᠤᠯᠠᠨ ᠨᠡᠢᠲᠡ ᠵᠢᠨ ᠲᠠᠪᠴᠠᠩ ᠤᠨ ᠬᠥᠭᠵᠢᠯᠲᠡ ᠵᠢᠨ ᠪᠠᠢᠳᠠᠯ ᠢ᠋ ᠪᠦᠬᠦ ᠲᠠᠯ᠎ᠠ ᠪᠠᠷ ᠠᠵᠢᠭᠯᠠᠵᠤ᠂ ᠵᠠᠭᠤᠴᠢᠯᠠᠭᠤᠷ ᠤᠨ ᠠᠭᠤᠰᠤᠯᠴᠠᠯ ᠤᠨ ᠴᠠᠭ ᠦᠶ᠎ᠡ ᠳ᠋ᠦ᠍ ᠮᠣᠩᠭᠤᠯ ᠰᠣᠨᠢᠨ ᠤ᠋ ᠸᠢᠴᠠᠲ ᠤᠨ ᠤᠯᠠᠨ ᠨᠡᠢᠲᠡ ᠵᠢᠨ ᠲᠠᠪᠴᠠᠩ ᠨᠢ ᠨᠠᠮ ᠤᠨ ᠰᠣᠨᠢᠨ ᠤ᠋ ᠶᠠᠷᠢᠶ᠎ᠠ ᠬᠡᠯᠡᠯᠴᠡᠭᠡ ᠶ᠋ᠢ ᠵᠢᠯᠤᠭᠤᠳᠬᠤ ᠦᠢᠯᠡᠳᠦᠯ ᠢ᠋ᠶ᠋ᠡᠨ ᠪᠠᠳᠠᠷᠠᠭᠤᠯᠬᠤ ᠵᠢᠨ ᠬᠠᠮᠲᠤ ᠬᠡᠷᠬᠢᠨ ᠨᠡᠩ ᠤᠯᠠᠨ ᠬᠡᠷᠡᠭᠯᠡᠭᠴᠢᠳ ᠲᠠᠢ ᠪᠣᠯᠬᠤ ᠲᠤᠬᠠᠢ ᠠᠭᠤᠯᠭ᠎ᠠ ᠬᠡᠯᠪᠡᠷᠢ ᠪᠠ ᠡᠵᠡᠩᠨᠡᠯᠲᠡ ᠬᠠᠮᠢᠶᠠᠷᠤᠯᠲᠠ ᠵᠢᠨ ᠲᠠᠯ᠎ᠠ ᠪᠠᠷ ᠪᠣᠳᠠᠲᠠᠢ ᠠᠷᠭ᠎ᠠ ᠬᠡᠯᠪᠡᠷᠢ ᠪᠣᠳᠤᠯᠭ᠎ᠠ ᠶ᠋ᠢ ᠰᠦᠪᠡᠭᠴᠢᠯᠡᠪᠡ᠃