ᠬᠤᠭᠤᠴᠠᠭᠠᠲᠦ ᠰᠡᠳᠭᠦᠯ
>
ᠮᠣᠩᠭᠤᠯ ᠬᠡᠯᠡ ᠪᠢᠴᠢᠭ
>
ᠪᠠᠷᠠᠭᠤᠨ ᠮᠣᠩᠭᠤᠯ ᠰᠤᠳᠤᠯᠤᠯ
>
ᠣᠢᠷᠠᠳ ᠰᠤᠳᠤᠯᠤᠯ
>
ᠥᠪᠦᠷ ᠮᠣᠩᠭᠤᠯ ᠤ᠋ᠨ ᠰᠤᠷᠭᠠᠨ ᠬᠥᠮᠦᠵᠢᠯ
>
ᠮᠣᠩᠭᠤᠯ ᠬᠡᠯᠡ ᠪᠢᠴᠢᠭ ᠦ᠋ᠨ ᠰᠤᠳᠤᠯᠤᠯᠭᠠᠨ ᠤ᠋ ᠮᠠᠲ᠋ᠧᠷᠢᠶᠠᠯ ᠤ᠋ᠨ ᠡᠮᠬᠢᠳᠭᠡᠯ
>
ᠮᠣᠩᠭᠤᠯ ᠬᠡᠯᠡ ᠤᠳᠭ᠎ᠠ ᠵᠣᠬᠢᠶᠠᠯ ᠤ᠋ᠨ ᠰᠢᠨᠵᠢᠯᠡᠭᠡᠨ

ᠶᠠᠫᠤᠨ ᠤ᠋ ᠮᠣᠩᠭᠤᠯ ᠪᠤᠷᠬᠠᠨ ᠱᠠᠰᠢᠨ ᠤ᠋ ᠨᠣᠮ ᠰᠤᠳᠤᠷ ᠤ᠋ᠨ ᠰᠤᠳᠤᠯᠭ᠎ᠠ

ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠥᠪᠦᠷ ᠮᠣᠩᠭᠤᠯ ᠦ᠋ᠨ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ -> 200901
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2018/12/03
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠳᠡᠯᠡᠬᠡᠢ
ᠵᠠᠩᠭᠢᠯᠠᠭ᠎ᠠ ᠦᠭᠡ᠄ ᠶᠠᠫᠤᠨ︔ ᠮᠣᠩᠭᠤᠯ ᠪᠤᠷᠬᠠᠨ ᠤ᠋ ᠱᠠᠰᠢᠨ︔ ᠨᠣᠮ ᠰᠤᠳᠤᠷ︔ ᠰᠤᠳᠤᠯᠭ᠎ᠠ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠮᠣᠩᠭᠤᠯ ᠪᠤᠷᠬᠠᠨ ᠤ᠋ ᠱᠠᠰᠢᠨ ᠤ᠋ ᠨᠣᠮ ᠰᠤᠳᠤᠷ ᠪᠣᠯ ᠮᠣᠩᠭᠤᠯ ᠦᠨᠳᠦᠰᠦᠲᠡᠨ ᠤ᠋ ᠡᠷᠲᠡᠨ ᠤ᠋ ᠰᠤᠷᠪᠤᠯᠵᠢ ᠪᠢᠴᠢᠭ ᠮᠠᠲ᠋ᠧᠷᠢᠶᠠᠯ ᠤ᠋ᠨ ᠨᠢᠭᠡ ᠬᠡᠰᠡᠭ ᠮᠥᠨ᠃ ᠲᠡᠷᠡ ᠨᠢ ᠬᠡᠳᠦᠢᠪᠡᠷ ᠪᠤᠷᠬᠠᠨ ᠤ᠋ ᠱᠠᠰᠢᠨ ᠤ᠋ ᠵᠣᠬᠢᠶᠠᠯ ᠪᠦᠲᠦᠭᠡᠯ ᠳ᠋ᠤ᠌ ᠬᠠᠷᠢᠶᠠᠯᠠᠭᠳᠠᠬᠤ ᠪᠣᠯᠪᠠᠴᠤ ᠲᠡᠭᠦᠨ ᠤ᠋ ᠠᠭᠤᠯᠭ᠎ᠠ ᠨᠢ ᠬᠠᠷᠢᠨ ᠮᠣᠩᠭᠤᠯ ᠦᠨᠳᠦᠰᠦᠲᠡᠨ ᠤ᠋ ᠰᠣᠶᠤᠯ ᠤ᠋ᠨ ᠡᠯ᠎ᠡ ᠲᠠᠯ᠎ᠠ ᠶ᠋ᠢ ᠪᠠᠭᠲᠠᠭᠠᠵᠤ ᠪᠠᠢᠳᠠᠭ᠃ ᠶᠠᠫᠤᠨ ᠤ᠋ ᠮᠣᠩᠭᠤᠯ ᠪᠤᠷᠬᠠᠨ ᠤ᠋ ᠱᠠᠰᠢᠨ ᠤ᠋ ᠨᠣᠮ ᠰᠤᠳᠤᠷ ᠤ᠋ᠨ ᠰᠤᠳᠤᠯᠭ᠎ᠠ ᠨᠢ20 ᠳ᠋ᠤᠭᠠᠷ ᠵᠠᠭᠤᠨ ᠤ᠋ ᠡᠬᠢᠨ ᠤ᠋ ᠦᠶ᠎ᠡ ᠡᠴᠡ ᠡᠬᠢᠯᠡᠨ᠂ ᠥᠨᠥᠳᠦᠷ ᠪᠣᠯᠲᠠᠯᠠᠬᠢ ᠵᠠᠭᠤᠭᠠᠳ ᠵᠢᠯ ᠤ᠋ᠨ ᠬᠣᠭᠤᠷᠤᠨᠳᠤ ᠣᠯᠠᠨ ᠤᠯᠤᠰ ᠤ᠋ᠨ ᠮᠣᠩᠭᠤᠯ ᠪᠤᠷᠬᠠᠨ ᠤ᠋ ᠱᠠᠰᠢᠨ ᠤ᠋ ᠨᠣᠮ ᠰᠤᠳᠤᠷ ᠤ᠋ᠨ ᠰᠤᠳᠤᠯᠭᠠᠨ ᠤ᠋ ᠴᠢᠬᠤᠯᠠ ᠰᠠᠭᠤᠷᠢᠨ ᠪᠣᠯᠵᠤ ᠬᠥᠭᠵᠢᠵᠡᠢ᠃ ᠲᠤᠰ ᠥᠭᠦᠯᠡᠯ ᠳ᠋ᠤ᠌ ᠶᠠᠫᠤᠨ ᠤ᠋ ᠮᠣᠩᠭᠤᠯ ᠪᠤᠷᠬᠠᠨ ᠤ᠋ ᠱᠠᠰᠢᠨ ᠤ᠋ ᠨᠣᠮ ᠰᠤᠳᠤᠷ ᠤ᠋ᠨ ᠰᠤᠳᠤᠯᠭ᠎ᠠ ᠶ᠋ᠢ ᠳᠥᠷᠪᠡᠨ ᠱᠠᠲᠤ ᠦᠶ᠎ᠡ ᠪᠤᠯᠠᠭᠠᠨ ᠬᠤᠷᠢᠶᠠᠩᠭᠤᠢᠯᠠᠨ ᠥᠭᠦᠯᠡᠪᠡ᠃