ᠬᠤᠭᠤᠴᠠᠭᠠᠲᠦ ᠰᠡᠳᠭᠦᠯ
>
ᠮᠣᠩᠭᠤᠯ ᠬᠡᠯᠡ ᠪᠢᠴᠢᠭ
>
ᠪᠠᠷᠠᠭᠤᠨ ᠮᠣᠩᠭᠤᠯ ᠰᠤᠳᠤᠯᠤᠯ
>
ᠣᠢᠷᠠᠳ ᠰᠤᠳᠤᠯᠤᠯ
>
ᠥᠪᠦᠷ ᠮᠣᠩᠭᠤᠯ ᠤ᠋ᠨ ᠰᠤᠷᠭᠠᠨ ᠬᠥᠮᠦᠵᠢᠯ
>
ᠮᠣᠩᠭᠤᠯ ᠬᠡᠯᠡ ᠪᠢᠴᠢᠭ ᠦ᠋ᠨ ᠰᠤᠳᠤᠯᠤᠯᠭᠠᠨ ᠤ᠋ ᠮᠠᠲ᠋ᠧᠷᠢᠶᠠᠯ ᠤ᠋ᠨ ᠡᠮᠬᠢᠳᠭᠡᠯ
>
ᠮᠣᠩᠭᠤᠯ ᠬᠡᠯᠡ ᠤᠳᠭ᠎ᠠ ᠵᠣᠬᠢᠶᠠᠯ ᠤ᠋ᠨ ᠰᠢᠨᠵᠢᠯᠡᠭᠡᠨ

ᠭᠠᠳᠠ ᠮᠡᠢᠷᠡᠨ ᠤ᠋ ᠠᠮᠢᠳᠤᠷᠠᠯ ᠦᠢᠯᠡ ᠳ᠋ᠤ᠌ ᠬᠣᠯᠪᠤᠭᠳᠠᠬᠤ ᠬᠡᠳᠦᠨ ᠠᠰᠠᠭᠤᠳᠠᠯ

ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠥᠪᠦᠷ ᠮᠣᠩᠭᠤᠯ ᠦ᠋ᠨ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ -> 200902
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2018/12/03
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠰ ᠤᠷᠤᠰᠭᠠᠯ
ᠵᠠᠩᠭᠢᠯᠠᠭ᠎ᠠ ᠦᠭᠡ᠄ ᠣᠷᠴᠢᠨ ᠦᠶ᠎ᠡ ᠶ᠋ᠢᠨ ᠥᠪᠦᠷ ᠮᠣᠩᠭᠤᠯ︔ ᠭᠠᠳᠠ ᠮᠡᠢᠷᠡᠨ︔ ᠬᠠᠹᠤᠩᠭ᠎ᠠ︔ ᠲᠡᠦᠬᠡᠨ ᠮᠠᠲ᠋ᠧᠷᠢᠶᠠᠯ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠭᠠᠳᠠ ᠮᠡᠢᠷᠡᠨ ᠤ᠋ ᠦᠢᠯᠡ ᠶᠠᠪᠤᠳᠠᠯ ᠠᠷᠠᠳ ᠤ᠋ᠨ ᠳᠤᠮᠳᠠ ᠤᠯᠠᠮᠵᠢᠯᠠᠭᠳᠠᠬᠤ ᠶ᠋ᠢ ᠳᠠᠭᠠᠯᠳᠤᠨ ᠲᠡᠭᠦᠨ ᠤ᠋ ᠲᠤᠬᠠᠢ ᠰᠤᠳᠤᠯᠭᠠᠨ ᠴᠤ᠌ ᠴᠢᠬᠤᠯᠠ ᠨᠢᠭᠡ ᠰᠡᠳᠦᠪ ᠪᠣᠯᠤᠨ ᠬᠥᠭᠵᠢᠵᠡᠢ᠃ ᠲᠤᠬᠠᠢ ᠶ᠋ᠢᠨ ᠲᠡᠦᠬᠡᠨ ᠮᠠᠲ᠋ᠧᠷᠢᠶᠠᠯ ᠠ᠋ᠴᠠ ᠦᠵᠡᠪᠡᠯ᠂ ᠭᠠᠳᠠ ᠮᠡᠢᠷᠡᠨ1931 ᠣᠨ ᠤ᠋3 ᠰᠠᠷ᠎ᠠ ᠳ᠋ᠤ᠌ ᠪᠡᠶ᠎ᠡ ᠦᠷᠡᠭᠳᠡᠭᠰᠡᠨ︔ ᠪᠣᠰᠤᠯᠭ᠎ᠠ ᠶ᠋ᠢᠨ ᠰᠢᠨᠵᠢ ᠴᠢᠨᠠᠷ ᠤ᠋ᠨ ᠲᠤᠬᠠᠢ ᠦᠰᠦᠳ ᠥᠭᠡᠷ᠎ᠡ ᠦᠨᠡᠯᠡᠯᠲᠡ ᠲᠡᠢ ᠪᠠᠢᠭᠰᠠᠨ︔ ᠰᠢᠨ᠎ᠡ ᠢᠯᠡᠷᠡᠭᠦᠯᠦᠭᠰᠡᠨ ᠭᠠᠳᠠ ᠮᠡᠢᠷᠡᠨ ᠤ᠋ ᠭᠠᠷ ᠤ᠋ᠨ ᠦᠰᠦᠭ ᠲᠦ᠍ ᠮᠠᠳᠠᠭ ᠲᠠᠢ ᠵᠦᠢᠯ ᠣᠷᠤᠰᠢᠵᠤ ᠪᠠᠢᠬᠤ ᠵᠡᠷᠭᠡ ᠠᠰᠠᠭᠤᠳᠠᠯ ᠢ᠋ ᠮᠡᠳᠡᠵᠦ ᠪᠣᠯᠤᠨ᠎ᠠ᠃ ᠬᠠᠹᠤᠩᠭ᠎ᠠ ᠪᠠᠰᠠ ᠲᠤᠬᠠᠢ ᠶ᠋ᠢᠨ ᠦᠶ᠎ᠡ ᠶ᠋ᠢᠨ ᠠᠲᠠᠷ ᠲᠠᠯᠪᠢᠬᠤ ᠠᠰᠠᠭᠤᠳᠠᠯ ᠤ᠋ᠨ ᠲᠤᠬᠠᠢ ᠵᠣᠬᠢᠶᠠᠯ ᠪᠢᠴᠢᠵᠦ ᠦᠵᠡᠯᠲᠡ ᠪᠡᠨ ᠢᠯᠡᠳᠭᠡᠵᠦ ᠪᠠᠢᠪᠠ᠃ ᠭᠠᠳᠠ ᠮᠡᠢᠷᠡᠨ ᠤ᠋ ᠰᠤᠳᠤᠯᠭᠠᠨ ᠳ᠋ᠤ᠌ ᠲᠤᠬᠠᠢ ᠶ᠋ᠢᠨ ᠲᠡᠦᠬᠡᠨ ᠮᠠᠲ᠋ᠧᠷᠢᠶᠠᠯ ᠴᠢᠬᠤᠯᠠ ᠬᠣᠯᠪᠤᠭᠳᠠᠯ ᠲᠠᠢ᠃