ᠲᠣᠳᠤ ᠦᠰᠦᠭ ᠦᠨ ᠬᠤᠪᠢᠷᠠᠯ ᠬᠥᠭᠵᠢᠯ ᠦᠨ ᠲᠤᠬᠠᠢ ᠮᠥᠴᠢᠳ ᠥᠭᠦᠯᠡᠬᠦ ᠨᠢ
ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠥᠪᠦᠷ ᠮᠣᠩᠭᠤᠯ ᠦ᠋ᠨ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ -> 200302
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2019/04/02
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠵᠠ᠊· ᠯᠦᠨᠳᠤᠤ
ᠵᠠᠩᠭᠢᠯᠠᠭ᠎ᠠ ᠦᠭᠡ᠄ ᠲᠣᠳᠤ ᠦᠰᠦᠭ ︔ ᠬᠤᠪᠢᠷᠠᠯ ᠬᠥᠭᠵᠢᠯ ᠦᠨ ᠶᠠᠪᠤᠴᠠ ︔ ᠲᠣᠢᠮᠤ ᠲᠣᠭᠠᠴᠢᠯ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠵᠣᠬᠢᠶᠠᠭᠴᠢ ᠲᠤᠰ ᠥᠭᠦᠯᠡᠯ ᠳ᠋ᠡᠭᠡᠨ ᠲᠣᠳᠤ ᠦᠰᠦᠭ ᠦᠨ ᠡᠷᠲᠡᠨ ᠦ ᠦᠶ᠎ᠡ ᠶᠢᠨ ᠨᠣᠮ ᠰᠤᠳᠤᠷ ᠂ ᠪᠢᠴᠢᠭ ᠮᠠᠲ᠋ᠧᠷᠢᠶᠠᠯ ᠤᠳ ᠪᠣᠯᠤᠨ ᠣᠳᠣ ᠦᠶ᠎ᠡ ᠶᠢᠨ ᠨᠣᠮ ᠬᠡᠪᠯᠡᠯ ᠂ ᠪᠢᠴᠢᠭ ᠮᠠᠲ᠋ᠧᠷᠢᠶᠠᠯ ᠤᠳ ᠢ ᠬᠠᠷᠢᠴᠠᠭᠤᠯᠤᠨ ᠦᠵᠡᠭᠰᠡᠨ ᠦ ᠰᠠᠭᠤᠷᠢᠨ ᠳᠡᠭᠡᠷ᠎ᠡ ᠲᠣᠳᠤ ᠦᠰᠦᠭ ᠦᠨ ᠬᠤᠪᠢᠷᠠᠯ ᠬᠥᠭᠵᠢᠯ ᠦᠨ ᠲᠡᠦᠬᠡ ᠶᠢᠨ ᠴᠠᠭ ᠦᠶ᠎ᠡ ᠶᠢ ᠭᠤᠷᠪᠠᠨ ᠬᠡᠰᠡᠭ ᠪᠣᠯᠭᠠᠨ ᠥᠭᠦᠯᠡᠭᠰᠡᠨ ᠦ ᠬᠠᠮᠲᠤᠳᠠ ᠂ ᠲᠣᠳᠤ ᠦᠰᠦᠭ ᠦᠨ ᠴᠠᠭᠠᠨ ᠲᠣᠯᠤᠭᠠᠢ ᠳ᠋ᠤ᠌ ᠂ ᠦᠰᠦᠭ ᠦᠨ ᠬᠡᠯᠪᠡᠷᠢ ᠳᠦᠷᠰᠦᠨ ᠳᠦ ᠂ ᠬᠡᠯᠡ ᠵᠦᠢ ᠶᠢᠨ ᠬᠡᠯᠪᠡᠷᠢ ᠳᠦ ᠂ ᠨᠡᠷ᠎ᠡ ᠲᠣᠮᠢᠶᠠᠨ ᠳᠤ ᠭᠠᠷᠤᠭᠰᠠᠨ ᠲᠡᠦᠬᠡᠨ\ ᠬᠤᠪᠢᠷᠠᠯᠲᠠ ᠶᠢ ᠴᠦ᠍ ᠳᠥᠭᠦᠮ ᠳᠤᠷᠠᠳᠴᠤ ᠂ ᠲᠣᠳᠤ ᠦᠰᠦᠭ ᠪᠣᠯ ᠦᠰᠦᠭ ᠦᠳ ᠦᠨ ᠲᠡᠮᠳᠡᠭ ᠦᠳ ᠢ ᠲᠣᠳᠤᠷᠬᠠᠢ ᠪᠣᠯᠭᠠᠭᠰᠠᠨ ᠲᠠᠯ᠎ᠠ ᠪᠠᠷ ᠂ ᠶᠠᠷᠢᠶᠠᠨ ᠤ ᠬᠡᠯᠡ ᠲᠠᠢ ᠣᠢᠷᠠᠲᠤᠭᠰᠠᠨ ᠲᠠᠯ᠎ᠠ ᠪᠠᠷ ᠂ ᠦᠰᠦᠭ ᠪᠢᠴᠢᠭ ᠦᠨ ᠰᠢᠰᠲ᠋ᠧᠮ ᠦᠨ ᠲᠠᠯ᠎ᠠ ᠪᠠᠷ ᠠᠪᠴᠤ ᠦᠵᠡᠭᠰᠡᠨ ᠴᠦ᠍ ᠥᠪᠡᠷ ᠦᠨ ᠲᠣᠪᠤᠢᠭᠰᠠᠨ ᠣᠨᠴᠠᠯᠢᠭ ᠪᠦᠬᠦᠢ ᠦᠰᠦᠭ ᠪᠢᠴᠢᠭ ᠮᠥᠨ ᠭᠡᠬᠦ ᠦᠵᠡᠯᠲᠡ ᠶᠢ ᠳᠡᠪᠰᠢᠭᠦᠯᠪᠡ ᠃