ᠬᠤᠭᠤᠴᠠᠭᠠᠲᠦ ᠰᠡᠳᠭᠦᠯ
>
ᠮᠣᠩᠭᠤᠯ ᠬᠡᠯᠡ ᠪᠢᠴᠢᠭ
>
ᠪᠠᠷᠠᠭᠤᠨ ᠮᠣᠩᠭᠤᠯ ᠰᠤᠳᠤᠯᠤᠯ
>
ᠣᠢᠷᠠᠳ ᠰᠤᠳᠤᠯᠤᠯ
>
ᠥᠪᠦᠷ ᠮᠣᠩᠭᠤᠯ ᠤ᠋ᠨ ᠰᠤᠷᠭᠠᠨ ᠬᠥᠮᠦᠵᠢᠯ
>
ᠮᠣᠩᠭᠤᠯ ᠬᠡᠯᠡ ᠪᠢᠴᠢᠭ ᠦ᠋ᠨ ᠰᠤᠳᠤᠯᠤᠯᠭᠠᠨ ᠤ᠋ ᠮᠠᠲ᠋ᠧᠷᠢᠶᠠᠯ ᠤ᠋ᠨ ᠡᠮᠬᠢᠳᠭᠡᠯ
>
ᠮᠣᠩᠭᠤᠯ ᠬᠡᠯᠡ ᠤᠳᠭ᠎ᠠ ᠵᠣᠬᠢᠶᠠᠯ ᠤ᠋ᠨ ᠰᠢᠨᠵᠢᠯᠡᠭᠡᠨ

ᠤᠳᠭ᠎ᠠ ᠵᠣᠬᠢᠶᠠᠯ ᠤᠨ ᠦᠨᠳᠦᠰᠦᠲᠡᠨ ‍ᠣ ᠣᠨᠴᠠᠯᠢᠭ ᠤᠨ ᠲᠤᠬᠠᠢ ᠬᠠᠭᠤᠴᠢᠨ ᠵᠣᠭᠤᠭ ᠢ ᠳᠠᠬᠢᠨ ᠶᠠᠷᠢᠬᠤ ᠶᠢᠨ ᠤᠴᠢᠷ

ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠥᠪᠦᠷ ᠮᠣᠩᠭᠤᠯ ᠦ᠋ᠨ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ -> 201001
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2019/04/02
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠪ᠊ ᠭᠡᠷᠡᠯᠲᠦ
ᠵᠠᠩᠭᠢᠯᠠᠭ᠎ᠠ ᠦᠭᠡ᠄ ᠦᠨᠳᠦᠰᠦᠲᠡᠨ ‍ᠣ ᠣᠨᠴᠠᠯᠢᠭ ︔ ᠡᠬᠡ ᠬᠡᠯᠡ ︔ ᠰᠣᠶᠤᠯ ᠤ᠋ᠨ ᠪᠡᠯᠭᠡ ᠲᠡᠮᠳᠡᠭ ᠪᠠ ᠠᠮᠢᠳᠤᠷᠠᠬᠤ ᠵᠣᠷᠢᠭ ᠰᠠᠨᠠᠭ᠎ᠠ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠲᠥᠷᠦᠯᠬᠢ ᠬᠡᠯᠡ ᠪᠡᠷ ᠢᠶᠡᠨ ᠵᠣᠬᠢᠶᠠᠯ ᠲᠤᠭᠤᠷᠪᠢᠬᠤ ᠨᠢ ᠤᠳᠭ᠎ᠠ ᠵᠣᠬᠢᠶᠠᠯ ᠤᠨ ᠦᠨᠳᠦᠰᠦᠲᠡᠨ ‍ᠣ ᠣᠨᠴᠠᠯᠢᠭ ᠢ ᠪᠠᠲᠤᠯᠠᠬᠤ ᠰᠠᠭᠤᠷᠢ ᠪᠣᠯᠣᠨ᠎ᠠ ᠃ ᠦᠨᠳᠦᠰᠦᠲᠡᠨ ‍ᠣ ᠵᠣᠬᠢᠶᠠᠯᠴᠢ ᠶᠢᠨ ᠲᠥᠷᠦᠯᠬᠢ ᠬᠡᠯᠡᠨ ‍ᠣ ᠵᠣᠬᠢᠶᠠᠯ ᠲᠤᠭᠤᠷᠪᠢᠯ ᠨᠢ ᠲᠤᠰ ᠦᠨᠳᠦᠰᠦᠲᠡᠨ ‍ᠣ ᠪᠠᠨ ᠦᠨᠳᠦᠰᠦᠨ ᠴᠢᠨᠠᠷ ᠲᠠᠢ ᠰᠣᠶᠤᠯ ᠤ᠋ᠨ ᠪᠡᠯᠭᠡ ᠲᠡᠮᠳᠡᠭ ᠪᠣᠯᠣᠨ᠎ᠠ ᠃ ᠮᠥᠨ ᠴᠦ᠍ ᠲᠤᠰ ᠦᠨᠳᠦᠰᠦᠲᠡᠨ ‍ᠣ ᠪᠠᠨ ᠤᠳᠤᠮ ᠤᠭᠰᠠᠭᠠᠲᠠᠨ ‍ᠣ ᠤᠳᠭ᠎ᠠ ᠵᠣᠬᠢᠶᠠᠯ ᠢ ᠤᠯᠠᠮᠵᠢᠯᠠᠨ ᠵᠠᠯᠭᠠᠮᠵᠢᠯᠠᠬᠤ ᠶᠢᠨ ᠠᠮᠢᠵᠢᠷᠠᠯ ᠤᠨ ᠬᠦᠴᠦᠨ ᠪᠣᠯᠣᠨ᠎ᠠ ᠃ ᠦᠨᠳᠦᠰᠦᠲᠡᠨ ‍ᠣ ᠵᠣᠬᠢᠶᠠᠯᠴᠢᠳ ᠤᠨ ᠲᠥᠷᠦᠯᠬᠢ ᠬᠡᠯᠡᠨ ‍ᠣ ᠵᠣᠬᠢᠶᠠᠯ ᠲᠤᠭᠤᠷᠪᠢᠯ ᠨᠢ ᠦᠨᠳᠦᠰᠦ ᠤᠭᠰᠠᠭᠠᠨ ‍ᠣ ᠪᠠᠨ ᠠᠷᠠᠳ ᠣᠯᠠᠨ ‍ᠣ ᠨᠡᠢᠭᠡᠮ ᠦ᠋ᠨ ᠬᠠᠷᠢᠯᠴᠠᠭᠠᠨ ᠳᠠᠬᠢ ᠪᠡᠶ᠎ᠡ ᠶᠢᠨ ᠭᠠᠷᠤᠯ ᠪᠠ ᠰᠣᠶᠤᠯ ᠤ᠋ᠨ ᠦᠷ᠎ᠡ ᠲᠤᠨᠳᠠᠰᠤ ᠶᠢ ᠤᠯᠠᠮᠵᠢᠯᠠᠨ ᠵᠠᠯᠭᠠᠮᠵᠢᠯᠠᠵᠤ ᠪᠠᠢᠬᠤ ᠶ᠋ᠢ ᠢᠯᠡᠳᠭᠡᠬᠦ ᠪᠥᠭᠡᠳ ᠴᠢᠨᠠᠭᠰᠢᠳᠠ ᠲᠤᠰ ᠦᠨᠳᠦᠰᠦᠲᠡᠨ ‍ᠣ ᠪᠠᠨ ᠪᠣᠯᠪᠠᠰᠤᠨ ᠰᠤᠷᠲᠠᠯ ᠂ ᠰᠣᠨᠢᠷᠬᠠᠬᠤ ᠳᠠᠳᠭᠠᠯ ᠂ ᠥᠪᠡᠷᠮᠢᠴᠡ ᠬᠡᠪ ᠨᠠᠮᠪᠠ ᠂ ᠤᠳᠤᠮᠰᠢᠯᠲᠤ ᠭᠤᠸ᠎ᠠ ᠲᠠᠭᠠᠰᠢᠶᠠᠯ ᠂ ᠠᠮᠢᠳᠤᠷᠠᠬᠤ ᠵᠣᠷᠢᠭ ᠰᠠᠨᠠᠭ᠎ᠠ ᠪᠣᠯᠣᠨ ᠡᠳᠡᠭᠡᠷ ᠦᠨ ᠬᠥᠭᠵᠢᠯᠲᠡ ᠳ᠋ᠦ᠍ ᠬᠠᠷᠢᠭᠤᠴᠠᠯᠭ᠎ᠠ ᠡᠭᠦᠷᠭᠡᠯᠡᠬᠦ ᠶᠢᠨ ᠤᠯᠠᠮ ᠢᠶᠠᠷ ᠦᠨᠳᠦᠰᠦᠲᠡᠨ ‍ᠣ ᠪᠠᠨ ᠨᠡᠷ᠎ᠡ ᠬᠦᠨᠳᠦ ᠶᠢ ᠡᠷᠭᠦᠨ ᠲᠤᠯᠵᠤ ᠪᠠᠢᠭ᠎ᠠ ᠭᠣᠣᠯ ᠴᠡᠭ ᠪᠣᠯᠣᠨ᠎ᠠ ᠃