ᠬᠤᠭᠤᠴᠠᠭᠠᠲᠦ ᠰᠡᠳᠭᠦᠯ
>
ᠮᠣᠩᠭᠤᠯ ᠬᠡᠯᠡ ᠪᠢᠴᠢᠭ
>
ᠪᠠᠷᠠᠭᠤᠨ ᠮᠣᠩᠭᠤᠯ ᠰᠤᠳᠤᠯᠤᠯ
>
ᠣᠢᠷᠠᠳ ᠰᠤᠳᠤᠯᠤᠯ
>
ᠥᠪᠦᠷ ᠮᠣᠩᠭᠤᠯ ᠤ᠋ᠨ ᠰᠤᠷᠭᠠᠨ ᠬᠥᠮᠦᠵᠢᠯ
>
ᠮᠣᠩᠭᠤᠯ ᠬᠡᠯᠡ ᠪᠢᠴᠢᠭ ᠦ᠋ᠨ ᠰᠤᠳᠤᠯᠤᠯᠭᠠᠨ ᠤ᠋ ᠮᠠᠲ᠋ᠧᠷᠢᠶᠠᠯ ᠤ᠋ᠨ ᠡᠮᠬᠢᠳᠭᠡᠯ
>
ᠮᠣᠩᠭᠤᠯ ᠬᠡᠯᠡ ᠤᠳᠭ᠎ᠠ ᠵᠣᠬᠢᠶᠠᠯ ᠤ᠋ᠨ ᠰᠢᠨᠵᠢᠯᠡᠭᠡᠨ

ᠨᠠᠢ᠍ᠮᠠᠨ ᠬᠣᠰᠢᠭᠤᠨ ‍ᠣ ᠰᠦᠮ᠎ᠡ ᠬᠡᠢᠳ ᠪᠣᠯᠣᠨ ᠮᠣᠩᠭᠣᠯᠴᠤᠳ ᠥᠪᠡᠷ ᠢᠶᠡᠨ ᠵᠢᠷᠤᠵᠤ ᠲᠥᠯᠦᠪᠯᠡᠨ ᠪᠦᠲᠦᠭᠡᠵᠦ ᠪᠠᠢᠭᠤᠯᠤᠭᠰᠠᠨ ᠳᠠᠴᠢᠨ ᠰᠦᠮ᠎ᠡ︱ ᠭᠤᠷᠪᠠᠳᠤᠭᠠᠷ ᠳᠠᠯᠠᠢ ᠯᠠᠮᠠ ᠲᠠᠭᠠᠯᠠᠯ ᠪᠣᠯᠤᠭᠰᠠᠨ ᠭᠠᠵᠠᠷ ᠢ ᠳᠠᠭᠠᠯᠳᠤᠭᠤᠯᠤᠨ ᠶᠠᠷᠢᠬᠤ ᠨᠢ

ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠥᠪᠦᠷ ᠮᠣᠩᠭᠤᠯ ᠦ᠋ᠨ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ -> 201004
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2019/04/02
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠪ᠊ ᠭᠡᠷᠡᠯᠲᠦ
ᠵᠠᠩᠭᠢᠯᠠᠭ᠎ᠠ ᠦᠭᠡ᠄ ᠨᠠᠢ᠍ᠮᠠᠨ ᠬᠣᠰᠢᠭᠤᠨ ‍ᠣ ᠬᠣᠷᠢᠨ ᠳᠥᠷᠪᠡᠨ ᠰᠦᠮ᠎ᠡ ︔ ᠮᠣᠩᠭᠣᠯᠴᠤᠳ ᠤᠨ ᠥᠪᠡᠷᠰᠡᠳ ᠢᠶᠡᠨ ᠪᠠᠢᠭᠤᠯᠤᠭᠰᠠᠨ ᠳᠠᠴᠢᠨ ᠰᠦᠮ᠎ᠡ ︔ ᠭᠤᠷᠪᠠᠳᠤᠭᠠᠷ ᠳᠠᠯᠠᠢ ᠯᠠᠮᠠ ᠶᠢᠨ ᠲᠠᠭᠠᠯᠠᠯ ᠪᠣᠯᠤᠭᠰᠠᠨ ᠵᠢᠭᠠᠰᠤᠲᠠᠢ ᠨᠠᠭᠤᠷ ᠤᠨ ᠲᠤᠬᠠᠢ ᠲᠠᠭᠠᠮᠠᠭ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠲᠤᠰ ᠥᠭᠦᠯᠡᠯ ᠳ᠋ᠦ᠍ ᠨᠠᠢ᠍ᠮᠠᠨ ᠬᠣᠰᠢᠭᠤᠨ ‍ᠣ ᠲᠡᠦᠬᠡᠨ ᠳᠡᠭᠡᠷ᠎ᠡ ᠪᠠᠢᠭᠰᠠᠨ ᠬᠣᠷᠢᠨ ᠳᠥᠷᠪᠡᠨ ᠪᠤᠷᠬᠠᠨ ‍ᠣ ᠱᠠᠰᠢᠨ ‍ᠣ ᠰᠦᠮ᠎ᠡ ᠬᠡᠢᠳ ᠪᠣᠯᠣᠨ ᠭᠣᠣᠯ ᠭᠣᠣᠯ ᠰᠦᠮ᠎ᠡ ᠨᠦ᠍ᠭᠦᠳ ᠦ᠋ᠨ ᠪᠠᠢᠭᠤᠯᠤᠭᠳᠠᠵᠤ ᠡᠪᠳᠡᠷᠡᠭᠰᠡᠨ ᠣᠨ ᠵᠢᠯ ᠪᠠ ᠲᠡᠳᠡᠨ ‍ᠣ ᠪᠠᠢᠭᠤᠯᠤᠭᠳᠠᠭᠰᠠᠨ ᠨᠡᠢᠭᠡᠮ ᠲᠡᠦᠬᠡ ᠶᠢᠨ ᠰᠢᠯᠲᠠᠭᠠᠨ ᠵᠢᠴᠢ ᠣᠨᠴᠠᠯᠢᠭ ᠤᠳ ᠢ ᠲᠣᠪᠴᠢ ᠲᠤᠰᠢᠶᠠᠪᠠ ᠃ ᠢᠯᠠᠩᠭᠤᠶ᠎ᠠ ᠳᠠᠴᠢᠨ ᠰᠦᠮ᠎ᠡ ᠶᠢᠨ ᠪᠠᠢᠭᠤᠯᠤᠭᠳᠠᠭᠰᠠᠨ ᠠᠵᠤ ᠠᠬᠤᠢᠯᠠᠯ ᠤ᠋ᠨ ᠦᠨ᠎ᠡ ᠴᠡᠨ᠎ᠡ ᠠᠴᠢ ᠬᠣᠯᠪᠣᠭᠳᠠᠯ ᠢ ᠮᠣᠩᠭᠣᠯ ᠦᠨᠳᠦᠰᠦᠲᠡᠨ ‍ᠣ ᠪᠡᠶ᠎ᠡ ᠪᠡᠨ ᠳᠠᠭᠠᠭᠠᠵᠤ ᠪᠠᠷᠢᠯᠭ᠎ᠠ ᠶᠢᠨ ᠦᠢᠯᠡᠰ ᠡᠷᠬᠢᠯᠡᠭᠰᠡᠨ ᠪᠠ ᠰᠢᠨ᠎ᠡ ᠪᠡᠷ ᠡᠭᠦᠳᠦᠨ ᠪᠦᠲᠦᠭᠡᠭᠰᠡᠨ ᠲᠡᠦᠬᠡᠲᠦ ᠭᠠᠪᠢᠶ᠎ᠠ ᠯᠤᠭ᠎ᠠ ᠬᠣᠯᠪᠤᠭᠳᠠᠭᠤᠯᠤᠨ ᠥᠭᠦᠯᠡᠵᠡᠢ ᠃ ᠨᠠᠢ᠍ᠮᠠᠨ ᠬᠣᠰᠢᠭᠤ ᠡᠮᠦᠨ᠎ᠡ ᠬᠣᠢᠨ᠎ᠠ ᠬᠣᠶᠠᠷ ᠵᠠᠭᠤᠨ ᠵᠢᠯ ᠦᠨ ᠬᠣᠭᠤᠷᠤᠨᠳᠤ ᠬᠡᠳᠦᠨ ᠠᠷᠪᠠᠨ ᠰᠦᠮ᠎ᠡ ᠬᠡᠢᠳ ᠴᠣᠭᠴᠠᠯᠠᠨ ᠪᠦᠲᠦᠭᠡᠵᠦ ᠪᠤᠷᠬᠠᠨ ‍ᠣ ᠱᠠᠰᠢᠨ ᠭᠠᠢᠬᠠᠯᠲᠠᠢ ᠬᠥᠭᠵᠢᠵᠦ ᠳᠡᠯᠭᠡᠷᠡᠭᠰᠡᠨ ᠪᠣᠯᠣᠨ ᠳᠠᠴᠢᠨ ᠰᠦᠮ᠎ᠡ ᠳ᠋ᠦ᠍ ︽ ᠵᠠᠷᠯᠢᠭ ᠤᠨ ᠭᠡᠭᠡᠨ ︾ ᠢᠯᠡᠷᠡᠨ ᠲᠣᠳᠤᠷᠠᠭᠰᠠᠨ ᠶᠠᠪᠤᠳᠠᠯ ᠢ ᠭᠤᠷᠪᠠᠳᠤᠭᠠᠷ ᠳᠠᠯᠠᠢ ᠯᠠᠮᠠ ᠰᠣᠳᠨᠠᠮᠵᠠᠮᠰᠤ ᠶᠢᠨ ᠨᠠᠢ᠍ᠮᠠᠨ ᠬᠣᠰᠢᠭᠤᠨ ‍ᠣ ︽ ᠵᠢᠭᠠᠰᠤᠲᠠᠢ ︾ ᠭᠡᠰᠡᠨ ᠭᠠᠵᠠᠷ ᠲᠠᠭᠠᠯᠠᠯ ᠪᠣᠯᠤᠭᠰᠠᠨ ᠲᠠᠭᠠᠮᠠᠭ ᠯᠤᠭ᠎ᠠ ᠬᠣᠯᠪᠤᠵᠤ ᠶᠠᠷᠢᠬᠤ ᠶᠢ ᠬᠢᠴᠢᠶᠡᠪᠡ ᠃