ᠯᠢᠭᠳᠡᠨ ᠬᠠᠭᠠᠨ ᠣ ᠠᠯᠲᠠᠨ ︽ ᠭᠠᠨᠵᠤᠤᠷ ︾ ᠢ ᠪᠦᠲᠦᠭᠡᠯᠭᠡᠭᠰᠡᠨ ᠬᠢᠭᠡᠳ ᠲᠡᠭᠦᠨ ᠤ ᠮᠣᠩᠭᠤᠯ ᠰᠣᠶᠤᠯ ᠳᠤ ᠦᠵᠡᠭᠦᠯᠦᠭᠰᠡᠨ ᠠᠴᠢ ᠭᠠᠪᠢᠶ᠎ᠠ ᠶᠢᠨ ᠲᠤᠬᠠᠢ
ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠥᠪᠦᠷ ᠮᠣᠩᠭᠤᠯ ᠦ᠋ᠨ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ -> 201004
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2019/04/02
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠳᠡᠯᠭᠡᠷ
ᠵᠠᠩᠭᠢᠯᠠᠭ᠎ᠠ ᠦᠭᠡ᠄ ᠯᠢᠭᠳᠡᠨ ᠬᠠᠭᠠᠨ ︔ ᠠᠯᠲᠠᠨ ᠭᠠᠨᠵᠤᠤᠷ ︔ ᠮᠣᠩᠭᠣᠯ ᠰᠣᠶᠤᠯ ︔ ᠠᠴᠢ ᠭᠠᠪᠢᠶ᠎ᠠ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠲᠤᠰ ᠥᠭᠦᠯᠡᠯ ᠳ᠋ᠦ᠍ ︽ ᠭᠠᠨᠵᠤᠤᠷ ︾ ᠤᠨ ᠬᠡᠳᠦ ᠤᠳᠠᠭᠠᠨ ᠣ ᠮᠣᠩᠭᠣᠯ ᠣᠷᠴᠢᠭᠤᠯᠭ᠎ᠠ ᠶᠢᠨ ᠲᠤᠬᠠᠢ ᠲᠣᠪᠴᠢ ᠲᠠᠨᠢᠯᠴᠠᠭᠤᠯᠵᠤ ᠂ ᠯᠢᠭᠳᠡᠨ ᠣ ᠠᠯᠲᠠᠨ ︽ ᠭᠠᠨᠵᠤᠤᠷ ︾ ᠢ ᠪᠦᠲᠦᠭᠡᠯᠭᠡᠭᠰᠡᠨ ᠶᠠᠪᠤᠳᠠᠯ ᠪᠣᠯ ︽ ᠭᠠᠨᠵᠤᠤᠷ ︾ ᠤᠨ ᠬᠣᠶᠠᠳᠠᠬᠢ ᠤᠳᠠᠭᠠᠨ ᠣ ᠮᠣᠩᠭᠣᠯ ᠪᠦᠷᠢᠨ ᠣᠷᠴᠢᠭᠤᠯᠭ᠎ᠠ ᠶᠢ ᠭᠦᠢᠴᠡᠳᠭᠡᠵᠦ ᠂ ᠤᠮᠠᠷᠠᠳᠤ ᠶᠤᠸᠠᠨ ᠣ ᠦᠶ᠎ᠡ ᠶᠢᠨ ᠮᠣᠩᠭᠣᠯ ᠰᠣᠶᠤᠯ ᠤ᠋ᠨ ᠰᠡᠷᠭᠦᠨ ᠮᠠᠨᠳᠤᠯᠲᠠ ᠂ ᠪᠤᠷᠬᠠᠨ ᠣ ᠱᠠᠰᠢᠨ ᠣ ᠮᠣᠩᠭᠣᠯ ᠣᠷᠤᠨ ᠳ᠋ᠤ᠌ ᠤᠯᠠᠮ ᠴᠢᠨᠠᠭᠰᠢᠳᠠ ᠭᠦᠨᠵᠡᠭᠡᠢᠷᠡᠨ ᠳᠡᠯᠭᠡᠷᠡᠬᠦ ᠪᠠ ᠠᠷᠪᠠᠨ ᠳᠣᠯᠤᠳᠤᠭᠠᠷ ᠵᠠᠭᠤᠨ ᠣ ᠮᠣᠩᠭᠣᠯ ᠬᠡᠯᠡ ᠪᠢᠴᠢᠭ ᠦᠨ ᠳᠦᠷᠢᠮᠵᠢᠯ ᠵᠡᠷᠭᠡ ᠶᠢ ᠶᠡᠬᠡᠪᠡᠷ ᠲᠦᠯᠬᠢᠨ ᠠᠬᠢᠭᠤᠯᠤᠭᠰᠠᠨ ᠢᠶᠠᠷ ᠪᠠᠷᠠᠬᠤ ᠦᠭᠡᠢ ᠂ ᠪᠠᠰᠠ ᠮᠣᠩᠭᠣᠯ ᠦᠰᠦᠭ ᠪᠢᠴᠢᠭ ᠦᠨ ᠨᠡᠢᠭᠡᠮ ᠦ᠋ᠨ ᠪᠣᠳᠠᠲᠤ ᠬᠡᠷᠡᠭᠯᠡᠭᠡᠨ ᠢ ᠴᠢᠬᠤᠯᠠᠴᠢᠯᠠᠵᠤ ᠂ ᠬᠡᠯᠡ ᠰᠢᠨᠵᠢᠯᠡᠯ ᠦᠨ ᠦᠨᠡᠲᠦ ᠮᠠᠲ᠋ᠧᠷᠢᠶᠠᠯ ᠤᠨ ᠬᠥᠮᠦᠷᠭᠡ ᠶ᠋ᠢ ᠪᠦᠲᠦᠭᠡᠵᠦ ᠂ ᠤᠯᠠᠮᠵᠢᠯᠠᠯᠲᠤ ᠣᠷᠴᠢᠭᠤᠯᠭ᠎ᠠ ᠪᠣᠯᠣᠨ ᠬᠡᠪᠯᠡᠯ ᠦᠨ ᠦᠢᠯᠡᠰ ᠢ ᠰᠡᠷᠭᠦᠭᠡᠨ ᠮᠠᠨᠳᠤᠭᠤᠯᠵᠤ ᠂ ᠤᠯᠠᠮᠵᠢᠯᠠᠯᠲᠤ ᠮᠣᠩᠭᠣᠯ ᠤᠷᠠᠨ ᠵᠢᠷᠤᠭ ᠂ ᠤᠷᠠᠨ ᠪᠢᠴᠢᠯᠭᠡ ᠂ ᠬᠣᠪᠤᠷ ᠦᠨᠡᠲᠦ ᠮᠣᠩᠭᠣᠯ ᠰᠤᠷᠪᠤᠯᠵᠢ ᠪᠢᠴᠢᠭ ᠪᠦᠲᠦᠭᠡᠬᠦ ᠂ ᠣᠨᠴᠠᠭᠠᠢ ᠴᠠᠭᠠᠰᠤ ᠬᠢᠬᠦ ᠂ ᠦᠨᠡᠲᠦ ᠪᠣᠳᠤᠭ ᠣᠷᠤᠭᠤᠯᠬᠤ ᠵᠡᠷᠭᠡ ᠤᠷ᠎ᠠ ᠮᠡᠷᠭᠡᠵᠢᠯ ᠢ ᠵᠠᠯᠭᠠᠮᠵᠢᠯᠠᠨ ᠬᠥᠭᠵᠢᠭᠦᠯᠦᠭᠰᠡᠨ ᠭᠡᠵᠦ ᠯᠢᠭᠳᠡᠨ ᠬᠠᠭᠠᠨ ᠣ ᠮᠣᠩᠭᠣᠯ ᠰᠣᠶᠤᠯ ᠳ᠋ᠤ᠌ ᠦᠵᠡᠭᠦᠯᠦᠭᠰᠡᠨ ᠠᠴᠢ ᠭᠠᠪᠢᠶ᠎ᠠ ᠶᠢ ᠬᠡᠳᠦᠨ ᠲᠠᠯ᠎ᠠ ᠪᠠᠷ ᠲᠤᠷᠰᠢᠨ ᠦᠨᠡᠯᠡᠭᠰᠡᠨ ᠪᠠᠢᠨ᠎ᠠ ᠃