ᠬᠤᠭᠤᠴᠠᠭᠠᠲᠦ ᠰᠡᠳᠭᠦᠯ
>
ᠮᠣᠩᠭᠤᠯ ᠬᠡᠯᠡ ᠪᠢᠴᠢᠭ
>
ᠪᠠᠷᠠᠭᠤᠨ ᠮᠣᠩᠭᠤᠯ ᠰᠤᠳᠤᠯᠤᠯ
>
ᠣᠢᠷᠠᠳ ᠰᠤᠳᠤᠯᠤᠯ
>
ᠥᠪᠦᠷ ᠮᠣᠩᠭᠤᠯ ᠤ᠋ᠨ ᠰᠤᠷᠭᠠᠨ ᠬᠥᠮᠦᠵᠢᠯ
>
ᠮᠣᠩᠭᠤᠯ ᠬᠡᠯᠡ ᠪᠢᠴᠢᠭ ᠦ᠋ᠨ ᠰᠤᠳᠤᠯᠤᠯᠭᠠᠨ ᠤ᠋ ᠮᠠᠲ᠋ᠧᠷᠢᠶᠠᠯ ᠤ᠋ᠨ ᠡᠮᠬᠢᠳᠭᠡᠯ
>
ᠮᠣᠩᠭᠤᠯ ᠬᠡᠯᠡ ᠤᠳᠭ᠎ᠠ ᠵᠣᠬᠢᠶᠠᠯ ᠤ᠋ᠨ ᠰᠢᠨᠵᠢᠯᠡᠭᠡᠨ

ᠠᠭᠤᠷᠬᠠᠢ ᠨᠡᠭᠡᠭᠡᠬᠦ ᠶᠠᠪᠤᠴᠠ ᠳᠤᠮᠳᠠᠬᠢ ᠵᠠᠰᠠᠭ ᠤᠨ ᠣᠷᠳᠤᠨ᠂ ᠠᠭᠤᠷᠬᠠᠢ ᠬᠢᠭᠡᠳ ᠮᠠᠯᠴᠢᠳ ᠤᠨ ᠬᠣᠭᠤᠷᠤᠨᠳᠤᠬᠢ ᠬᠠᠷᠢᠴᠠᠭ᠎ᠠ ᠶᠢ ᠰᠢᠨᠵᠢᠯᠡᠬᠦ ᠨᠢ

ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠥᠪᠦᠷ ᠮᠣᠩᠭᠤᠯ ᠦ᠋ᠨ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ -> 201006
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2019/04/02
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠦᠵᠡᠰᠭᠦᠯᠡᠩ
ᠵᠠᠩᠭᠢᠯᠠᠭ᠎ᠠ ᠦᠭᠡ᠄ ᠠᠭᠤᠷᠬᠠᠢ ︔ ᠮᠠᠯᠴᠢᠳ ︔ ᠵᠠᠰᠠᠭ ᠤᠨ ᠣᠷᠳᠤᠨ︔ ᠨᠤᠲᠤᠭ ᠪᠡᠯᠴᠢᠭᠡᠷ ᠲᠠᠲᠠᠪᠤᠷᠢᠯᠠᠬᠤ
ᠰᠠᠭᠤᠷᠢ ᠮᠥᠩᠭᠦᠨ ᠤ᠋ ᠳᠡᠮᠵᠢᠯᠭᠡ᠄ ᠲᠤᠰ ᠥᠭᠦᠯᠡᠯ ᠪᠣᠯ ᠹᠣᠷᠳ᠋ ᠰᠠᠩ ᠤᠨ ᠲᠥᠰᠦᠯ ︽ ᠥᠪᠥᠷ ᠮᠣᠩᠭᠣᠯ ᠤᠨ ᠮᠠᠯᠵᠢᠬᠤ ᠣᠷᠤᠨ ‍ᠣ ᠦᠢᠯᠡᠳᠪᠦᠷᠢ ᠠᠭᠤᠷᠬᠠᠢ ᠶᠢᠨ ᠨᠡᠭᠡᠭᠡᠯᠲᠡ ᠶᠢᠨ ᠨᠡᠢᠭᠡᠮ ᠂ ᠠᠵᠤ ᠠᠬᠤᠢ ᠂ ᠰᠣᠶᠤᠯ ᠪᠣᠯᠣᠨ ᠣᠷᠴᠢᠨ ᠠᠬᠤᠢ ᠳ᠋ᠤ᠌ ᠦᠵᠡᠭᠦᠯᠵᠦ ᠪᠠᠢᠭ᠎ᠠ ᠨᠥᠯᠦᠭᠡ ᠶ᠋ᠢᠨ ᠲᠤᠬᠠᠢ ᠰᠤᠳᠤᠯᠤᠯ ︾ ᠤᠨ ᠪᠦᠲᠦᠭᠡᠯ ᠦᠨ ᠨᠢᠭᠡ ᠮᠥᠨ ᠃
ᠠᠭᠤᠯᠭ᠎ᠠ ᠶ᠋ᠢᠨ ᠲᠣᠪᠴᠢ᠄ ᠥᠪᠥᠷ ᠮᠣᠩᠭᠣᠯ ᠥᠷᠭᠡᠨ ᠳᠡᠯᠭᠡᠷ ᠨᠤᠲᠤᠭ ᠪᠡᠯᠴᠢᠭᠡᠷ ᠲᠠᠢ ᠂ ᠡᠯᠪᠡᠭ ᠪᠠᠶᠠᠯᠢᠭ ᠠᠭᠤᠷᠬᠠᠢ ᠶᠢᠨ ᠬᠠᠳᠠᠭᠠᠯᠠᠭᠳᠠᠴᠠ ᠲᠠᠢ ᠬᠡᠮᠡᠭᠳᠡᠭᠰᠡᠭᠡᠷ ᠢᠷᠡᠭᠰᠡᠨ ᠶᠤᠮ ᠃ ᠡᠨᠡ ᠬᠦ᠌ ᠳᠠᠪᠠᠭᠤᠯᠢᠭ ᠲᠠᠯ᠎ᠠ ᠶ᠋ᠢ ᠪᠠᠨ ᠠᠰᠢᠭᠯᠠᠨ ᠥᠪᠥᠷ ᠮᠣᠩᠭᠣᠯ ᠤᠨ ᠣᠯᠠᠩᠬᠢ ᠬᠣᠰᠢᠭᠤ ᠰᠢᠶᠠᠨ ᠠᠵᠤ ᠠᠬᠤᠢ ᠪᠠᠨ ᠬᠥᠭᠵᠢᠭᠦᠯᠬᠦ ᠶᠢᠨ ᠲᠥᠯᠦᠭᠡ ᠬᠥᠷᠦᠩᠭᠡ ᠣᠷᠤᠭᠤᠯᠤᠭᠴᠢᠳ ᠢ᠋ ᠤᠷᠢᠨ ᠂ ᠪᠡᠯᠡ ᠮᠥᠩᠭᠦ ᠣᠷᠤᠭᠤᠯᠤᠨ ᠦᠢᠯᠡᠳᠪᠦᠷᠢ ᠠᠭᠤᠷᠬᠠᠢ ᠨᠡᠭᠡᠭᠡᠵᠦ ᠡᠬᠢᠯᠡᠭᠰᠡᠨ ᠶᠤᠮ ᠃ ᠠᠭᠤᠷᠬᠠᠢ ᠨᠡᠭᠡᠭᠡᠬᠦ ᠶᠠᠪᠤᠴᠠ ᠳ᠋ᠤ᠌ ᠨᠤᠲᠤᠭ ᠪᠡᠯᠴᠢᠭᠡᠷ ᠲᠠᠲᠠᠪᠤᠷᠢᠯᠠᠬᠤ ᠵᠡᠷᠭᠡ ᠠᠰᠠᠭᠤᠳᠠᠯ ᠠᠴᠠ ᠵᠠᠰᠠᠭ ᠤᠨ ᠣᠷᠳᠤᠨ ᠂ ᠠᠭᠤᠷᠬᠠᠢ ᠂ ᠮᠠᠯᠴᠢᠳ ᠤᠨ ᠬᠣᠭᠤᠷᠤᠨᠳᠤ ᠡᠯ᠎ᠡ ᠵᠦᠢᠯ ᠦᠨ ᠬᠠᠷᠢᠴᠠᠭ᠎ᠠ ᠡᠭᠦᠰᠳᠡᠭ ᠶᠤᠮ ᠃ ᠲᠤᠰ ᠥᠭᠦᠯᠡᠯ ᠳ᠋ᠦ᠍ ᠰᠢᠯᠢ ᠶᠢᠨ ᠭᠣᠣᠯ ᠠᠢᠮᠠᠭ ᠤ᠋ᠨ ᠬᠥᠪᠡᠭᠡᠲᠦ ᠰᠢᠷ᠎ᠠ ᠬᠣᠰᠢᠭᠤᠨ ‍ᠣ ᠪᠠᠶᠠᠨᠲᠠᠯ᠎ᠠ ᠪᠠᠯᠭᠠᠰᠤ ᠶᠢᠨ ᠬᠠᠨ᠎ᠠ ᠶᠢᠨ ᠠᠭᠤᠯᠠ ᠭᠠᠴᠠᠭ᠎ᠠ ᠬᠢᠭᠡᠳ ᠬᠥᠯᠥᠨ ᠪᠤᠢᠷ ᠬᠣᠲᠠ ᠶᠢᠨ ᠡᠸᠡᠩᠬᠢ ᠦᠨᠳᠦᠰᠦᠲᠡᠨ ‍ᠣ ᠥᠪᠡᠷᠲᠡᠭᠡᠨ ᠵᠠᠰᠠᠬᠤ ᠬᠣᠰᠢᠭᠤᠨ ‍ᠣ ᠢᠮᠢᠨ ᠪᠠᠯᠭᠠᠰᠤ ᠶᠢᠨ ᠶᠦᠩ ᠹᠧᠩ ᠭᠠᠴᠠᠭ᠎ᠠ ᠂ ᠢᠮᠢᠨ ᠰᠤᠮᠤ ᠶᠢᠨ ᠢᠮᠢᠨ ᠭᠠᠴᠠᠭ᠎ᠠ ᠂ ᠰᠢᠨᠡᠬᠡᠨ ᠪᠠᠯᠭᠠᠰᠤ ᠶᠢᠨ ᠦᠢᠳᠬᠡᠨ ᠭᠠᠴᠠᠭᠠᠨ ᠳ᠋ᠤ᠌ ᠬᠡᠭᠡᠷ᠎ᠡ ᠶᠢᠨ ᠰᠢᠨᠵᠢᠯᠡᠭᠡ ᠬᠢᠬᠦ ᠪᠡᠷ ᠳᠠᠮᠵᠢᠨ ᠠᠭᠤᠷᠬᠠᠢ ᠨᠡᠭᠡᠭᠡᠬᠦ ᠶᠠᠪᠤᠴᠠ ᠳᠤᠮᠳᠠᠬᠢ ᠵᠠᠰᠠᠭ ᠤᠨ ᠣᠷᠳᠤᠨ ᠂ ᠠᠭᠤᠷᠬᠠᠢ ᠂ ᠮᠠᠯᠴᠢᠳ ᠤᠨ ᠬᠣᠭᠤᠷᠤᠨᠳᠤᠬᠢ ᠬᠠᠷᠢᠴᠠᠭ᠎ᠠ ᠶᠢ ᠰᠢᠨᠵᠢᠯᠡᠵᠡᠢ ᠃