ᠬᠤᠭᠤᠴᠠᠭᠠᠲᠦ ᠰᠡᠳᠭᠦᠯ
>
ᠮᠣᠩᠭᠤᠯ ᠬᠡᠯᠡ ᠪᠢᠴᠢᠭ
>
ᠪᠠᠷᠠᠭᠤᠨ ᠮᠣᠩᠭᠤᠯ ᠰᠤᠳᠤᠯᠤᠯ
>
ᠣᠢᠷᠠᠳ ᠰᠤᠳᠤᠯᠤᠯ
>
ᠥᠪᠦᠷ ᠮᠣᠩᠭᠤᠯ ᠤ᠋ᠨ ᠰᠤᠷᠭᠠᠨ ᠬᠥᠮᠦᠵᠢᠯ
>
ᠮᠣᠩᠭᠤᠯ ᠬᠡᠯᠡ ᠪᠢᠴᠢᠭ ᠦ᠋ᠨ ᠰᠤᠳᠤᠯᠤᠯᠭᠠᠨ ᠤ᠋ ᠮᠠᠲ᠋ᠧᠷᠢᠶᠠᠯ ᠤ᠋ᠨ ᠡᠮᠬᠢᠳᠭᠡᠯ
>
ᠮᠣᠩᠭᠤᠯ ᠬᠡᠯᠡ ᠤᠳᠭ᠎ᠠ ᠵᠣᠬᠢᠶᠠᠯ ᠤ᠋ᠨ ᠰᠢᠨᠵᠢᠯᠡᠭᠡᠨ

ᠣᠳᠣᠬᠢᠴᠢᠯᠠᠯᠲᠠ ᠶᠢᠨ ᠳᠤᠮᠳᠠᠬᠢ ᠮᠠᠯᠴᠢᠳ ᠤᠨ ᠠᠮᠢᠳᠤᠷᠠᠯ ᠤᠨ ᠲᠤᠬᠠᠢ ᠰᠢᠨᠵᠢᠯᠡᠯ

ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠥᠪᠦᠷ ᠮᠣᠩᠭᠤᠯ ᠦ᠋ᠨ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ -> 201006
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2019/04/02
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠾᠦᠩ ᠮᠧᠢ
ᠵᠠᠩᠭᠢᠯᠠᠭ᠎ᠠ ᠦᠭᠡ᠄ ᠣᠳᠣᠬᠢᠴᠢᠯᠠᠯᠲᠠ ︔ ᠮᠠᠯᠴᠢᠳ ᠤᠨ ᠠᠮᠢᠳᠤᠷᠠᠯ ︔ ᠮᠠᠨᠠᠩᠲᠠᠯ᠎ᠠ ᠭᠠᠴᠠᠭ᠎ᠠ
ᠰᠠᠭᠤᠷᠢ ᠮᠥᠩᠭᠦᠨ ᠤ᠋ ᠳᠡᠮᠵᠢᠯᠭᠡ᠄ ᠲᠤᠰ ᠥᠭᠦᠯᠡᠯ ᠪᠣᠯ ᠹᠣᠷᠳ᠋ ᠰᠠᠩ ᠤᠨ ᠲᠥᠰᠦᠯ ︽ ᠥᠪᠥᠷ ᠮᠣᠩᠭᠣᠯ ᠤᠨ ᠮᠠᠯᠵᠢᠬᠤ ᠣᠷᠤᠨ ‍ᠣ ᠦᠢᠯᠡᠳᠪᠦᠷᠢ ᠠᠭᠤᠷᠬᠠᠢ ᠶᠢᠨ ᠨᠡᠭᠡᠭᠡᠯᠲᠡ ᠶᠢᠨ ᠨᠡᠢᠭᠡᠮ ᠂ ᠠᠵᠤ ᠠᠬᠤᠢ ᠂ ᠰᠣᠶᠤᠯ ᠪᠣᠯᠣᠨ ᠣᠷᠴᠢᠨ ᠠᠬᠤᠢ ᠳ᠋ᠤ᠌ ᠦᠵᠡᠭᠦᠯᠵᠦ ᠪᠠᠢᠭ᠎ᠠ ᠨᠥᠯᠦᠭᠡ ᠶ᠋ᠢᠨ ᠲᠤᠬᠠᠢ ᠰᠤᠳᠤᠯᠤᠯ ︾ ᠤᠨ ᠪᠦᠲᠦᠭᠡᠯ ᠦᠨ ᠨᠢᠭᠡ ᠮᠥᠨ ᠃
ᠠᠭᠤᠯᠭ᠎ᠠ ᠶ᠋ᠢᠨ ᠲᠣᠪᠴᠢ᠄ ᠤᠷᠲᠤ ᠤᠳᠠᠭᠠᠨ ᠬᠤᠭᠤᠴᠠᠭᠠᠨ ‍ᠣ ᠲᠡᠦᠬᠡᠨ ᠤᠯᠠᠷᠢᠯ ᠤᠨ ᠶᠠᠪᠤᠴᠠ ᠳᠤᠮᠳᠠ ᠲᠠᠯ᠎ᠠ ᠨᠤᠲᠤᠭ ᠤᠨ ᠰᠣᠶᠤᠯ ᠨᠢ ᠠᠳᠠᠯᠢ ᠪᠤᠰᠤ ᠣᠷᠴᠢᠨ ᠳ᠋ᠤ᠌ ᠣᠯᠠᠨ ᠤᠳᠠᠭᠠᠨ ‍ᠣ ᠬᠤᠪᠢᠰᠤᠯᠲᠠ ᠶᠢ ᠥᠩᠭᠡᠷᠡᠭᠡᠭᠡᠳ ᠣᠳᠣᠬᠠᠨ ‍ᠣ ᠪᠠᠢᠳᠠᠯ ᠲᠠᠢ ᠪᠣᠯᠵᠠᠢ ᠃ ᠨᠡᠢᠭᠡᠮ ᠵᠢᠷᠤᠮᠲᠤ ᠣᠳᠣᠬᠢᠴᠢᠯᠠᠯᠲᠠ ᠶᠢᠨ ᠪᠦᠲᠦᠭᠡᠨ ᠪᠠᠢᠭᠤᠯᠤᠯᠲᠠ ᠦᠳᠲᠡᠷ ᠲᠦᠷᠭᠡᠨ ᠶᠠᠪᠤᠭᠳᠠᠬᠤ ᠶᠢ ᠳᠠᠭᠠᠯᠳᠤᠨ ᠮᠠᠯᠴᠢᠳ ᠂ ᠨᠤᠲᠤᠭ ᠪᠡᠯᠴᠢᠭᠡᠷ ᠂ ᠮᠠᠯ ᠠᠵᠤ ᠶᠢᠨ ᠲᠤᠬᠠᠢ ᠠᠰᠠᠭᠤᠳᠠᠯ ᠳ᠋ᠤ᠌ ᠨᠡᠩ ᠢᠯᠡᠭᠦᠦ ᠠᠩᠬᠠᠷᠤᠯ ᠢᠶᠠᠨ ᠬᠠᠨᠳᠤᠭᠤᠯᠬᠤ ᠲᠤᠯᠭᠠᠮ ᠱᠠᠭᠠᠷᠳᠠᠯᠭ᠎ᠠ ᠲᠠᠢ ᠪᠣᠯᠤᠭᠠᠳ ᠪᠠᠢᠨ᠎ᠠ ᠃ ᠲᠤᠰ ᠥᠭᠦᠯᠡᠯ ᠨᠢ ᠮᠠᠨᠠᠩᠲᠠᠯ᠎ᠠ ᠭᠠᠴᠠᠭᠠᠨ ‍ᠣ ᠮᠠᠯᠴᠢᠳ ᠤᠨ ᠠᠮᠢᠳᠤᠷᠠᠯ ᠤᠨ ᠪᠠᠢᠳᠠᠯ ᠢ᠋ ᠦᠢᠯᠡᠳᠪᠦᠷᠢᠯᠡᠯ ᠡᠵᠡᠩᠨᠡᠯᠲᠡ ᠂ ᠡᠳᠦᠷ ᠲᠤᠲᠤᠮ ᠤᠨ ᠠᠮᠢᠳᠤᠷᠠᠯ ᠤᠨ ᠲᠠᠯ᠎ᠠ ᠠᠴᠠ ᠵᠠᠳᠠᠯᠤᠯᠲᠠ ᠬᠢᠵᠦ ᠂ ᠣᠳᠣᠬᠢᠴᠢᠯᠠᠯᠲᠠ ᠨᠢ ᠮᠠᠯᠴᠢᠳ ᠤᠨ ᠠᠮᠢᠳᠤᠷᠠᠯ ᠳ᠋ᠤ᠌ ᠶᠠᠮᠠᠷᠬᠠᠨ ᠨᠥᠯᠦᠭᠡ ᠦᠵᠡᠭᠦᠯᠵᠦ ᠪᠠᠢᠭ᠎ᠠ ᠲᠤᠬᠠᠢ ᠬᠤᠷᠢᠶᠠᠩᠭᠤᠢᠯᠠᠵᠤ᠂ ᠥᠪᠡᠷ ᠦᠨ ᠦᠵᠡᠯᠲᠡ ᠂ ᠰᠢᠢᠳᠪᠦᠷᠢᠯᠡᠬᠦ ᠠᠷᠭ᠎ᠠ ᠰᠠᠨᠠᠯ ᠢᠶᠠᠨ ᠳᠡᠪᠰᠢᠭᠦᠯᠵᠡᠢ ᠃