ᠬᠤᠭᠤᠴᠠᠭᠠᠲᠦ ᠰᠡᠳᠭᠦᠯ
>
ᠮᠣᠩᠭᠤᠯ ᠬᠡᠯᠡ ᠪᠢᠴᠢᠭ
>
ᠪᠠᠷᠠᠭᠤᠨ ᠮᠣᠩᠭᠤᠯ ᠰᠤᠳᠤᠯᠤᠯ
>
ᠣᠢᠷᠠᠳ ᠰᠤᠳᠤᠯᠤᠯ
>
ᠥᠪᠦᠷ ᠮᠣᠩᠭᠤᠯ ᠤ᠋ᠨ ᠰᠤᠷᠭᠠᠨ ᠬᠥᠮᠦᠵᠢᠯ
>
ᠮᠣᠩᠭᠤᠯ ᠬᠡᠯᠡ ᠪᠢᠴᠢᠭ ᠦ᠋ᠨ ᠰᠤᠳᠤᠯᠤᠯᠭᠠᠨ ᠤ᠋ ᠮᠠᠲ᠋ᠧᠷᠢᠶᠠᠯ ᠤ᠋ᠨ ᠡᠮᠬᠢᠳᠭᠡᠯ
>
ᠮᠣᠩᠭᠤᠯ ᠬᠡᠯᠡ ᠤᠳᠭ᠎ᠠ ᠵᠣᠬᠢᠶᠠᠯ ᠤ᠋ᠨ ᠰᠢᠨᠵᠢᠯᠡᠭᠡᠨ

ᠡᠷᠲᠡᠨ ᠦ ᠮᠣᠩᠭᠤᠯ ᠨᠡᠭᠦᠳᠡᠯ ᠮᠠᠯᠵᠢᠯ ᠤᠨ ᠵᠣᠬᠢᠶᠠᠨ ᠪᠠᠢᠭᠤᠯᠤᠯᠲᠠ- ᠬᠦᠷᠢᠶ᠎ᠡ ᠶᠢᠨ ᠬᠥᠬᠡᠨᠠᠭᠤᠷ ᠤᠨ ᠬᠠᠲᠤᠨ ᠭᠣᠣᠯ ᠤᠨ ᠡᠮᠦᠨᠡᠲᠦ ᠲᠣᠬᠤᠢ ᠶ᠋ᠢᠨ ᠮᠣᠩᠭᠤᠯᠴᠤᠳ ᠤ᠋ᠨ ᠳᠤᠮᠳᠠᠬᠢ ᠵᠠᠯᠭᠠᠮᠵᠢᠯᠠᠯ ᠪᠠ ᠬᠤᠪᠢᠰᠤᠯ ᠤᠨ ᠲᠤᠬᠠᠢ ᠠᠵᠢᠭᠯᠠᠯᠲᠠ

ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠥᠪᠦᠷ ᠮᠣᠩᠭᠤᠯ ᠦ᠋ᠨ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ -> 201103
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2019/04/02
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠬᠣᠩ ᠹᠧᠩ
ᠵᠠᠩᠭᠢᠯᠠᠭ᠎ᠠ ᠦᠭᠡ᠄ ᠬᠥᠬᠡᠨᠠᠭᠤᠷ ᠤᠨ ᠬᠠᠲᠤᠨ ᠭᠣᠣᠯ ᠤᠨ ᠡᠮᠦᠨᠡᠲᠦ ᠲᠣᠬᠤᠢ ᠶ᠋ᠢᠨ ᠮᠣᠩᠭᠣᠯ ᠬᠣᠰᠢᠭᠤ ︔ ᠬᠦᠷᠢᠶ᠎ᠡ ᠶᠢᠨ ᠵᠣᠬᠢᠶᠠᠨ ᠪᠠᠢᠭᠤᠯᠤᠯᠲᠠ ︔ ᠬᠦᠷᠢᠶ᠎ᠡ ᠶᠢᠨ ᠵᠠᠯᠭᠠᠮᠵᠢᠯᠠᠯ ᠪᠠ ᠬᠤᠪᠢᠰᠤᠯ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ 17 ᠳ᠋ᠤᠭᠠᠷ ᠵᠠᠭᠤᠨ ‍ᠣ ᠲᠠᠪᠢ ᠵᠢᠷᠠᠭᠠᠳ ᠣᠨ ‍ᠣ ᠦᠶ᠎ᠡ ᠶᠢᠨ ᠬᠠᠲᠤᠨ ᠭᠣᠣᠯ ᠤᠨ ᠡᠮᠦᠨᠡᠲᠦ ᠲᠣᠬᠤᠢ ᠣᠷᠤᠨ ᠳ᠋ᠤ᠌ ᠨᠤᠲᠤᠭ ᠰᠢᠯᠵᠢᠭᠰᠡᠨ ᠮᠣᠩᠭᠣᠯᠴᠤᠳ ᠂ 20 ᠳ᠋ᠤᠭᠠᠷ ᠵᠠᠭᠤᠨ ‍ᠣ ᠲᠠᠪᠢᠭᠠᠳ ᠣᠨ ᠪᠣᠯᠲᠠᠯ᠎ᠠ ᠬᠦᠷᠢᠶ᠎ᠡ ᠶᠢᠨ ᠵᠣᠬᠢᠶᠠᠨ ᠪᠠᠢᠭᠤᠯᠤᠯᠲᠠ ᠶ᠋ᠢᠨ ᠬᠡᠯᠪᠡᠷᠢ ᠪᠡᠷ ᠨᠡᠭᠦᠳᠡᠯᠯᠡᠨ ᠮᠠᠯᠵᠢᠭᠰᠠᠭᠠᠷ ᠪᠠᠢᠵᠠᠢ ᠃ ᠲᠡᠦᠬᠡᠨ ᠪᠠᠢᠳᠠᠯ ᠠ᠋ᠴᠠ ᠪᠣᠯᠵᠤ ᠂ ᠡᠨᠳᠡᠬᠢ ᠶᠢᠨ ᠮᠣᠩᠭᠣᠯᠴᠤᠳ ᠥᠪᠡᠷ ᠦᠨ ᠦᠨᠳᠦᠰᠦᠲᠡᠨ ‍ᠣ ᠦᠭᠡ ᠬᠡᠯᠡ ᠦᠰᠦᠭ ᠪᠢᠴᠢᠭ ᠢᠶᠡᠨ ᠠᠭᠠᠵᠢᠮ ᠢᠶᠠᠷ ᠬᠡᠷᠡᠭᠯᠡᠬᠦ ᠪᠡᠨ ᠪᠣᠯᠢᠵᠤ ᠂ ᠲᠥᠪᠡᠳ ᠬᠡᠯᠡ ᠪᠠ ᠲᠥᠪᠡᠳ ᠦᠰᠦᠭ ᠪᠢᠴᠢᠭ ᠢ ᠬᠡᠷᠡᠭᠯᠡᠬᠦ ᠪᠣᠯᠵᠤ ᠂ ᠲᠡᠦᠬᠡ ᠰᠤᠳᠤᠷ ᠢᠶᠠᠨ ᠮᠥᠨ ᠲᠥᠪᠡᠳ ᠦᠰᠦᠭ ᠪᠢᠴᠢᠭ ᠢᠶᠡᠷ ᠲᠤᠭᠤᠷᠪᠢᠨ ᠪᠢᠴᠢᠳᠡᠭ ᠃ ᠭᠡᠲᠡᠯ᠎ᠡ ᠡᠷᠲᠡᠨ ‍ᠣ ᠮᠣᠩᠭᠣᠯ ᠤᠨ ᠬᠦᠷᠢᠶ᠎ᠡ ᠪᠡᠷ ᠨᠡᠭᠦᠳᠡᠯᠯᠡᠵᠦ ᠮᠠᠯᠵᠢᠬᠤ ᠬᠡᠯᠪᠡᠷᠢ ᠪᠡᠨ 20 ᠳ᠋ᠤᠭᠠᠷ ᠵᠠᠭᠤᠨ ‍ᠣ ᠵᠢᠷᠠᠭᠠᠳ ᠣᠨ ᠪᠣᠯᠲᠠᠯ᠎ᠠ ᠪᠠᠷᠢᠮᠲᠠᠯᠠᠭᠰᠠᠭᠠᠷ ᠢᠷᠡᠭᠰᠡᠨ ᠶᠤᠮ ᠃ ᠲᠤᠰ ᠥᠭᠦᠯᠡᠯ ᠨᠢ 20 ᠳ᠋ᠤᠭᠠᠷ ᠵᠠᠭᠤᠨ ‍ᠣ ᠲᠠᠪᠢᠭᠠᠳ ᠣᠨ ‍ᠣ ᠰᠡᠭᠦᠯᠴᠢ ᠵᠢᠷᠠᠭᠠᠳ ᠣᠨ ‍ᠣ ᠡᠬᠢᠨ ‍ᠣ ᠦᠶ᠎ᠡ ᠪᠡᠷ ᠪᠦᠬᠦ ᠤᠯᠤᠰ ᠲᠤ ᠶᠠᠪᠤᠭᠳᠠᠭᠰᠠᠨ ᠴᠥᠭᠡᠨ ᠲᠣᠭᠠᠲᠤ ᠦᠨᠳᠦᠰᠦᠲᠡᠨ ‍ᠣ ᠲᠡᠦᠬᠡ ᠰᠣᠶᠤᠯ ᠤ᠋ᠨ ᠪᠠᠢᠴᠠᠭᠠᠯᠲᠠ ᠶ᠋ᠢᠨ ᠮᠠᠲ᠋ᠧᠷᠢᠶᠠᠯ ᠪᠠ ᠥᠪᠡᠷ ᠦᠨ ᠪᠡᠶ᠎ᠡ ᠪᠡᠷ ᠬᠢᠭᠰᠡᠨ ᠬᠡᠭᠡᠷ᠎ᠡ ᠶᠢᠨ ᠪᠠᠢᠴᠠᠭᠠᠯᠲᠠ ᠶ᠋ᠢᠨ ᠮᠠᠲ᠋ᠧᠷᠢᠶᠠᠯ ᠳ᠋ᠤ᠌ ᠰᠠᠭᠤᠷᠢᠯᠠᠵᠤ ᠂ ᠬᠥᠬᠡᠨᠠᠭᠤᠷ ᠲᠠᠬᠢ ᠬᠠᠲᠤᠨ ᠭᠣᠣᠯ ᠤᠨ ᠡᠮᠦᠨᠡᠲᠦ ᠲᠣᠬᠤᠢ ᠣᠷᠤᠨ ᠳ᠋ᠤ᠌ ᠨᠤᠲᠤᠭᠯᠠᠵᠤ ᠪᠠᠢᠭ᠎ᠠ ᠮᠣᠩᠭᠣᠯᠴᠤᠳ ᠤᠨ ᠨᠡᠢᠭᠡᠮ ᠦ᠋ᠨ ᠵᠣᠬᠢᠶᠠᠨ ᠪᠠᠢᠭᠤᠯᠤᠯᠲᠠ ᠊᠊ ᠬᠦᠷᠢᠶ᠎ᠡ ᠶᠢᠨ ᠲᠤᠬᠠᠢ ᠠᠵᠢᠭᠯᠠᠯᠲᠠ ᠬᠢᠪᠡ ᠃