ᠮᠣᠩᠭᠤᠯ ᠬᠡᠯᠡᠨ ᠦsa-/se-/so-/su- ᠢᠵᠠᠭᠤᠷᠲᠤ ᠦᠭᠡᠰ ᠦᠨ ᠰᠢᠨᠵᠢᠯᠡᠯ
ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠥᠪᠦᠷ ᠮᠣᠩᠭᠤᠯ ᠦ᠋ᠨ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ -> 201306
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2019/04/02
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠲᠦᠮᠡᠨᠵᠢᠷᠭᠠᠯ
ᠵᠠᠩᠭᠢᠯᠠᠭ᠎ᠠ ᠦᠭᠡ᠄ ᠮᠣᠩᠭᠤᠯ ᠬᠡᠯᠡ ︔ sa- ᠢᠵᠠᠭᠤᠷᠲᠤ ᠦᠭᠡᠰ ︔ ᠬᠠᠷᠢᠴᠠᠭᠤᠯᠤᠭᠰᠠᠨ ᠰᠤᠳᠤᠯᠤᠯ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠥᠭᠦᠯᠡᠯ ᠳᠦ ᠂ ᠮᠣᠩᠭᠤᠯ ᠬᠡᠯᠡᠨ ᠳᠦ ᠬᠢsa-/se-/so-/su- ᠢᠵᠠᠭᠤᠷᠲᠤ ᠦᠭᠡᠰ ᠨᠢ ᠮᠣᠩᠭᠤᠯ ᠲᠥᠷᠦᠯ ᠦ᠋ᠨ ᠪᠤᠰᠤᠳ ᠬᠡᠯᠡ ᠂ ᠴᠢᠨᠠᠭᠰᠢᠯᠠᠭᠠᠳ ᠲᠦᠷᠦᠭ ᠲᠥᠷᠦᠯ ᠬᠡᠯᠡ ᠪᠣᠯᠤᠨ ᠮᠠᠨᠵᠤ ᠊᠊᠊ ᠲᠦᠩᠭᠦᠰ ᠲᠥᠷᠦᠯ ᠬᠡᠯᠡ ᠨᠦ᠍ᠭᠦᠳ ᠲᠦ᠍ ᠤᠳᠭ᠎ᠠ ᠬᠡᠯᠪᠡᠷᠢ ᠶᠢᠨ ᠲᠠᠯ᠎ᠠ ᠪᠠᠷ ᠨᠡᠯᠢᠶᠡᠳ ᠵᠢᠮ᠎ᠡ ᠬᠠᠤᠯᠢ ᠲᠠᠢ ᠪᠠᠷ ᠲᠣᠬᠢᠷᠠᠯᠴᠠᠵᠤ ᠪᠠᠢᠭ᠎ᠠ ᠭᠡᠵᠦ ᠦᠵᠡᠭᠰᠡᠨ ᠪᠥᠭᠡᠳ ᠡᠨᠡ ᠬᠦ᠌ ᠪᠦᠲᠦᠭᠡᠪᠦᠷᠢ ᠶᠢᠨ ᠢᠵᠢᠯ ᠰᠢᠨᠵᠢ ᠪᠠ ᠳᠣᠲᠤᠭᠠᠳᠤ ᠪᠦᠲᠦᠴᠡ ᠶᠢᠨ ᠢᠵᠢᠯ ᠰᠢᠨᠵᠢ ᠨᠢ ᠠᠷᠠᠢ ᠭᠡᠨᠡᠳᠲᠡ ᠶᠢᠨ ᠦᠵᠡᠭᠳᠡᠯ ᠪᠢᠰᠢ ᠮᠥᠷᠲᠡᠭᠡᠨ ᠬᠠᠷᠢᠯᠴᠠ ᠵᠢᠭᠡᠯᠡᠯᠳᠦᠭᠰᠡᠨ ᠦᠵᠡᠭᠳᠡᠯ ᠴᠦ᠍ ᠪᠢᠰᠢ ᠂ ᠬᠠᠷᠢᠨ ᠡᠳᠡᠭᠡᠷ ᠬᠡᠯᠡᠳ ᠦᠨ ᠭᠠᠷᠤᠯ ᠡᠭᠦᠰᠦᠯ ᠦᠨ ᠬᠠᠷᠢᠴᠠᠭ᠎ᠠ ᠬᠣᠯᠪᠤᠭ᠎ᠠ ᠲᠠᠢ ᠠᠴᠠ ᠪᠣᠯᠤᠭᠰᠠᠨ ᠭᠡᠵᠦ ᠦᠵᠡᠭᠰᠡᠨ ᠪᠠᠢᠨ᠎ᠠ ᠃ ᠡᠭᠦᠨ ᠦ ᠰᠠᠭᠤᠷᠢᠨ ᠳᠡᠭᠡᠷ᠎ᠡ ᠂ ᠮᠣᠩᠭᠤᠯ ᠬᠡᠯᠡ ᠶᠢ ᠪᠠᠭᠲᠠᠭᠠᠭᠰᠠᠨ ᠠᠯᠲᠠᠢ ᠢᠵᠠᠭᠤᠷ ᠬᠡᠯᠡᠨ ᠳᠦ ᠠᠯᠢ ᠡᠷᠲᠡᠨ ᠡᠴᠡ ᠠᠪᠢᠶᠠᠨ ᠤ ᠬᠤᠪᠢᠷᠠᠯ ᠢᠶᠠᠷ ᠦᠭᠡ ᠪᠦᠲᠦᠭᠡᠬᠦ ᠠᠷᠭ᠎ᠠ ᠣᠷᠤᠰᠢᠵᠤ ᠪᠠᠢᠭᠰᠠᠨ ᠪᠥᠭᠡᠳ ᠲᠡᠷᠡ ᠨᠢ ᠦᠭᠡ ᠶᠢᠨ ᠵᠦᠢ ᠶᠢᠨ ᠠᠷᠭ᠎ᠠ ᠠᠴᠠ ᠡᠮᠦᠨ᠎ᠡ ᠦᠶ᠎ᠡ ᠳᠦ ᠠᠯᠲᠠᠢ ᠢᠵᠠᠭᠤᠷ ᠬᠡᠯᠡᠨ ᠦ ᠦᠭᠡ ᠶᠢᠨ ᠢᠵᠠᠭᠤᠷ ᠤᠨ ᠡᠭᠦᠰᠴᠦ ᠦᠷᠡᠵᠢᠭᠰᠡᠨ ᠪᠤᠶᠤ ᠦᠭᠡ ᠪᠦᠲᠦᠭᠡᠬᠦ ᠶᠣᠰᠤᠨ ᠤ᠋ ᠴᠢᠬᠤᠯᠠ ᠨᠢᠭᠡ ᠠᠷᠭ᠎ᠠ ᠵᠠᠮ ᠨᠢ ᠪᠣᠯᠵᠤ ᠢᠳᠡᠪᠬᠢᠲᠡᠢ ᠬᠡᠷᠡᠭᠯᠡᠭᠳᠡᠵᠦ ᠪᠠᠢᠭᠰᠠᠨ ᠭᠡᠵᠦ ᠦᠵᠡᠵᠡᠢ ᠃