ᠬᠤᠭᠤᠴᠠᠭᠠᠲᠦ ᠰᠡᠳᠭᠦᠯ
>
ᠮᠣᠩᠭᠤᠯ ᠬᠡᠯᠡ ᠪᠢᠴᠢᠭ
>
ᠪᠠᠷᠠᠭᠤᠨ ᠮᠣᠩᠭᠤᠯ ᠰᠤᠳᠤᠯᠤᠯ
>
ᠣᠢᠷᠠᠳ ᠰᠤᠳᠤᠯᠤᠯ
>
ᠥᠪᠦᠷ ᠮᠣᠩᠭᠤᠯ ᠤ᠋ᠨ ᠰᠤᠷᠭᠠᠨ ᠬᠥᠮᠦᠵᠢᠯ
>
ᠮᠣᠩᠭᠤᠯ ᠬᠡᠯᠡ ᠪᠢᠴᠢᠭ ᠦ᠋ᠨ ᠰᠤᠳᠤᠯᠤᠯᠭᠠᠨ ᠤ᠋ ᠮᠠᠲ᠋ᠧᠷᠢᠶᠠᠯ ᠤ᠋ᠨ ᠡᠮᠬᠢᠳᠭᠡᠯ
>
ᠮᠣᠩᠭᠤᠯ ᠬᠡᠯᠡ ᠤᠳᠭ᠎ᠠ ᠵᠣᠬᠢᠶᠠᠯ ᠤ᠋ᠨ ᠰᠢᠨᠵᠢᠯᠡᠭᠡᠨ

︽ᠮᠣᠩᠭᠤᠯ ᠬᠡᠯᠡ ᠵᠦᠢ ᠶᠢᠨ ᠰᠤᠷᠠᠭ ᠵᠠᠩᠭᠢ ᠶᠢᠨ ᠲᠣᠯᠢ ᠶ᠋ᠢᠨ ᠲᠣᠭᠠᠨ ᠤ᠋ ᠨᠡᠷ᠎ᠡ ᠶ᠋ᠢᠨ ᠰᠠᠯᠪᠤᠷᠢ ᠲᠣᠯᠢ︾ ᠶ᠋ᠢᠨ ᠴᠣᠭᠴᠠᠯᠠᠯᠲᠠ ᠶ᠋ᠢᠨ ᠠᠩᠬᠠᠨ ᠤ ᠠᠵᠢᠯ

ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠥᠪᠦᠷ ᠮᠣᠩᠭᠤᠯ ᠦ᠋ᠨ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ -> 200803
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2019/04/02
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠮᠥᠷᠡᠩᠭᠤᠸ᠎ᠠ
ᠵᠠᠩᠭᠢᠯᠠᠭ᠎ᠠ ᠦᠭᠡ᠄ ᠮᠣᠩᠭᠤᠯ ᠬᠡᠯᠡ ᠵᠦᠢ ᠶᠢᠨ ᠰᠤᠷᠠᠭ ᠵᠠᠩᠭᠢ ᠶᠢᠨ ᠲᠣᠯᠢ ︔ ᠲᠣᠭᠠᠨ ᠤ ᠨᠡᠷ᠎ᠡ ᠶᠢᠨ ᠰᠠᠯᠪᠤᠷᠢ ᠲᠣᠯᠢ ︔ ᠲᠤᠯᠭᠠᠷᠠᠵᠤ ᠪᠠᠢᠭ᠎ᠠ ᠠᠰᠠᠭᠤᠳᠠᠯ ︔ ᠰᠢᠢᠳᠪᠦᠷᠢᠯᠡᠬᠦ ᠠᠷᠭ᠎ᠠ
ᠰᠠᠭᠤᠷᠢ ᠮᠥᠩᠭᠦᠨ ᠤ᠋ ᠳᠡᠮᠵᠢᠯᠭᠡ᠄ ᠲᠤᠰ ᠰᠤᠳᠤᠯᠭᠠᠨ ᠤᠯᠤᠰ ᠤᠨ863 ᠲᠥᠰᠦᠪ ︵ ᠰᠡᠳᠦᠪ ᠦᠨ ᠳ᠋ᠤᠭᠠᠷ ᠄2003AA115510︶ ᠂ ᠤᠯᠤᠰ ᠤᠨ ᠪᠠᠢᠭᠠᠯᠢ ᠶ᠋ᠢᠨ ᠰᠢᠨᠵᠢᠯᠡᠬᠦ ᠤᠬᠠᠭᠠᠨ  ᠤ ᠹᠣᠨᠳ᠋ ︵ ᠰᠡᠳᠦᠪ ᠦᠨ ᠳ᠋ᠤᠭᠠᠷ ᠄36963005︶ ᠤᠨ ᠳᠡᠮᠵᠢᠯᠭᠡ ᠶᠢ ᠣᠯᠪᠠ ᠃
ᠠᠭᠤᠯᠭ᠎ᠠ ᠶ᠋ᠢᠨ ᠲᠣᠪᠴᠢ᠄ ︽ᠮᠣᠩᠭᠤᠯ ᠬᠡᠯᠡ ᠵᠦᠢ ᠶᠢᠨ ᠰᠤᠷᠠᠭ ᠵᠠᠩᠭᠢ ᠶᠢᠨ ᠲᠣᠯᠢ ᠪᠣᠯ ︾ ᠮᠣᠩᠭᠤᠯ ᠬᠡᠯᠡᠨ ᠦ ᠠᠦ᠋ᠲ᠋ᠣ᠋ ᠵᠠᠳᠠᠯᠤᠯᠲᠠ ᠪᠠ ᠠᠦ᠋ᠲ᠋ᠣ᠋ ᠡᠭᠦᠰᠭᠡᠯᠲᠡ ᠳ᠋ᠦ᠍ ᠵᠣᠷᠢᠭᠤᠯᠤᠭᠰᠠᠨ ᠡᠯᠧᠺᠲ᠋ᠷᠣᠨ ᠲᠣᠯᠢ ᠶᠤᠮ ᠃ ᠲᠡᠷᠡ ᠨᠢ ᠦᠭᠡ ᠵᠦᠢ ᠶᠢᠨ ᠬᠤᠪᠢᠯᠠᠯ ᠂ ᠥᠭᠦᠯᠡᠪᠦᠷᠢ ᠵᠦᠢ ᠶᠢᠨ ᠦᠢᠯᠡᠳᠦᠯ ᠂ ᠦᠭᠡᠰ ᠦᠨ ᠤᠶᠠᠯᠳᠤᠬᠤ ᠬᠠᠷᠢᠴᠠᠭ᠎ᠠ ᠪᠠ ᠵᠥᠪ ᠪᠢᠴᠢᠯᠭᠡ ᠶᠢᠨ ᠳᠦᠷᠢᠮ ᠵᠡᠷᠭᠡ ᠲᠠᠯ᠎ᠠ ᠶᠢᠨ ᠮᠡᠳᠡᠯᠭᠡ ᠲᠠᠢ ᠬᠣᠯᠪᠤᠭᠳᠠᠬᠤ ᠪᠠᠢᠭᠠᠵᠢ ᠬᠡᠯᠡᠨ ᠦ ᠰᠤᠷᠠᠭ ᠵᠠᠩᠭᠢ ᠰᠢᠢᠳᠪᠦᠷᠢᠯᠡᠯᠲᠡ ᠶᠢᠨ ᠴᠢᠬᠤᠯᠠ ᠮᠥᠷᠲᠡᠭᠡᠨ ᠰᠠᠭᠤᠷᠢ ᠠᠵᠢᠯ ᠪᠣᠯᠤᠨ᠎ᠠ ᠃ ︽ ᠲᠣᠭᠠᠨ ᠤ ᠨᠡᠷ᠎ᠡ ᠶᠢᠨ ᠰᠠᠯᠪᠤᠷᠢ ᠲᠣᠯᠢ ︾ ᠨᠢ ᠲᠡᠭᠦᠨ ᠦ ᠳᠤᠲᠠᠭᠳᠠᠵᠤ ᠪᠣᠯᠤᠰᠢ ᠦᠭᠡᠢ ᠴᠢᠬᠤᠯᠠ ᠨᠢᠭᠡᠨ ᠪᠦᠷᠢᠯᠳᠦᠬᠦᠨ ᠬᠡᠰᠡᠭ ᠪᠣᠯᠬᠤ ᠶᠤᠮ ᠃ ᠲᠤᠰ ᠥᠭᠦᠯᠡᠯ ᠳᠦ ︽ ᠲᠣᠭᠠᠨ ᠤ ᠨᠡᠷ᠎ᠡ ᠶᠢᠨ ᠰᠠᠯᠪᠤᠷᠢ ᠲᠣᠯᠢ ︾ ᠶᠢ ᠴᠣᠭᠴᠠᠯᠠᠬᠤ ᠠᠩᠬᠠᠨ ᠤ ᠶᠠᠪᠤᠴᠠ ᠳᠤ ᠲᠤᠯᠭᠠᠷᠠᠭᠰᠠᠨ ᠠᠰᠠᠭᠤᠳᠠᠯ ᠤᠳ ᠢ ᠵᠢᠭᠰᠠᠭᠠᠨ ᠂ ᠬᠡᠷᠬᠢᠨ ᠰᠢᠢᠳᠪᠦᠷᠢᠯᠡᠬᠦ ᠲᠤᠬᠠᠢ ᠦᠵᠡᠯᠲᠡ ᠪᠡᠨ ᠳᠤᠷᠠᠳᠴᠠᠢ ᠃