ᠬᠤᠭᠤᠴᠠᠭᠠᠲᠦ ᠰᠡᠳᠭᠦᠯ
>
ᠮᠣᠩᠭᠤᠯ ᠬᠡᠯᠡ ᠪᠢᠴᠢᠭ
>
ᠪᠠᠷᠠᠭᠤᠨ ᠮᠣᠩᠭᠤᠯ ᠰᠤᠳᠤᠯᠤᠯ
>
ᠣᠢᠷᠠᠳ ᠰᠤᠳᠤᠯᠤᠯ
>
ᠥᠪᠦᠷ ᠮᠣᠩᠭᠤᠯ ᠤ᠋ᠨ ᠰᠤᠷᠭᠠᠨ ᠬᠥᠮᠦᠵᠢᠯ
>
ᠮᠣᠩᠭᠤᠯ ᠬᠡᠯᠡ ᠪᠢᠴᠢᠭ ᠦ᠋ᠨ ᠰᠤᠳᠤᠯᠤᠯᠭᠠᠨ ᠤ᠋ ᠮᠠᠲ᠋ᠧᠷᠢᠶᠠᠯ ᠤ᠋ᠨ ᠡᠮᠬᠢᠳᠭᠡᠯ
>
ᠮᠣᠩᠭᠤᠯ ᠬᠡᠯᠡ ᠤᠳᠭ᠎ᠠ ᠵᠣᠬᠢᠶᠠᠯ ᠤ᠋ᠨ ᠰᠢᠨᠵᠢᠯᠡᠭᠡᠨ

ᠤᠢᠭᠤᠷᠵᠢᠨ ᠮᠣᠩᠭᠤᠯ ᠦᠰᠦᠭ  ᠦᠨ ᠺᠣᠳ᠋ ᠲᠠᠢ ᠬᠣᠯᠪᠤᠭᠳᠠᠬᠤ ᠬᠡᠳᠦᠨ ᠠᠰᠠᠭᠤᠳᠠᠯ ︵ ᠨᠢᠭᠡ ︶

ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠥᠪᠦᠷ ᠮᠣᠩᠭᠤᠯ ᠦ᠋ᠨ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ -> 201201
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2019/04/02
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠴᠣᠢᠵᠤᠩᠵᠠᠪ
ᠵᠠᠩᠭᠢᠯᠠᠭ᠎ᠠ ᠦᠭᠡ᠄ ᠤᠢᠭᠤᠷᠵᠢᠨ ᠮᠣᠩᠭᠣᠯ ᠦᠰᠦᠭ ︔ ᠺᠣᠳ᠋ ︔ ᠤᠢᠭᠤᠷᠵᠢᠨ ᠮᠣᠩᠭᠣᠯ ᠦᠰᠦᠭ ᠦᠨ ᠲᠣᠭᠲᠠᠯᠴᠠᠭ᠎ᠠ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠲᠤᠰ ᠥᠭᠦᠯᠡᠯ ᠳ᠋ᠦ᠍ ᠣᠯᠠᠨ ᠤᠯᠤᠰ ᠤᠨ ᠪᠠᠷᠢᠮᠵᠢᠶᠠᠨ ᠳ᠋ᠤ᠌ ᠨᠡᠢᠴᠡᠭᠰᠡᠨ ᠤᠢᠭᠤᠷᠵᠢᠨ ᠮᠣᠩᠭᠣᠯ ᠦᠰᠦᠭ  ᠦᠨ ᠺᠣᠳ᠋ ᠢ ᠪᠣᠯᠪᠠᠰᠤᠷᠠᠭᠤᠯᠬᠤ ᠠᠵᠢᠯ ᠲᠠᠢ ᠬᠣᠯᠪᠤᠭᠳᠠᠬᠤ ᠣᠨᠤᠯ ᠂ ᠦᠢᠯᠡᠳᠦᠯᠭᠡ ᠶᠢᠨ ᠠᠰᠠᠭᠤᠳᠠᠯ ᠢ ᠠᠪᠴᠤ ᠶᠠᠷᠢᠯᠴᠠᠵᠠᠢ ᠃ ᠴᠢᠩᠭᠢᠬᠦ ᠳ᠋ᠡᠭᠡᠨ ᠨᠢᠭᠡ ᠂ ᠬᠡᠷᠡᠭᠯᠡᠭᠡᠨ ᠳ᠋ᠦ᠍ ᠣᠷᠤᠭᠰᠠᠨ ᠤᠢᠭᠤᠷᠵᠢᠨ ᠮᠣᠩᠭᠣᠯ ᠦᠰᠦᠭ ᠦᠨ ᠺᠣᠳ᠋ ᠤᠨ ᠪᠠᠢᠳᠠᠯ ︔ ᠬᠣᠶᠠᠷ ᠂ ᠤᠢᠭᠤᠷᠵᠢᠨ ᠮᠣᠩᠭᠣᠯ ᠦᠰᠦᠭ ᠦᠨ ᠰᠢᠨ᠎ᠡ ᠺᠣᠳ᠋ ᠤᠨ ᠦᠨᠳᠦᠰᠦᠲᠡᠨ ᠱᠠᠭᠠᠷᠳᠠᠯᠭ᠎ᠠ ︔ ᠭᠤᠷᠪᠠ ᠂ ᠤᠢᠭᠤᠷᠵᠢᠨ ᠮᠣᠩᠭᠣᠯ ᠦᠰᠦᠭ ᠦᠨ ᠺᠣᠳ᠋ ᠢ ᠰᠤᠳᠤᠯᠵᠤ ᠪᠣᠯᠪᠠᠰᠤᠷᠠᠭᠤᠯᠬᠤ ᠳ᠋ᠤ᠌ ᠠᠩᠬᠠᠷᠤᠭᠤᠰᠢᠲᠠᠢ ᠠᠰᠠᠭᠤᠳᠠᠯ ᠤᠳ ︔ ᠳᠥᠷᠪᠡ ᠂ ᠤᠢᠭᠤᠷᠵᠢᠨ ᠮᠣᠩᠭᠣᠯ ᠦᠰᠦᠭ ᠦᠨ ᠦᠰᠦᠭ ᠬᠣᠯᠪᠤᠬᠤ ᠪᠢᠴᠢᠯᠭᠡ ᠶᠢᠨ ᠲᠤᠬᠠᠢ ᠬᠡᠳᠦᠨ ᠵᠦᠢᠯ ︔ ᠲᠠᠪᠤ ᠂ ᠤᠢᠭᠤᠷᠵᠢᠨ ᠮᠣᠩᠭᠣᠯ ᠦᠰᠦᠭ ᠦᠨ ᠺᠣᠳ᠋ ᠤᠨ ᠪᠠᠷᠢᠮᠲᠠᠯᠠᠬᠤ ᠦᠨᠳᠦᠰᠦᠨ ᠵᠠᠷᠴᠢᠮ ︔ ᠵᠢᠷᠭᠤᠭ᠎ᠠ ᠂ ᠤᠢᠭᠤᠷᠵᠢᠨ ᠮᠣᠩᠭᠣᠯ ᠦᠰᠦᠭ ᠦᠨ ᠺᠣᠳ᠋ ᠢ ᠰᠢᠨᠵᠢᠯᠡᠵᠦ ᠪᠣᠯᠪᠠᠰᠤᠷᠠᠭᠤᠯᠬᠤ ᠳ᠋ᠤ᠌ ᠲᠣᠬᠢᠶᠠᠯᠳᠤᠭᠰᠠᠨ ᠡᠷᠳᠡᠮᠲᠡᠳ ᠦᠨ ᠠᠳᠠᠯᠢ ᠪᠤᠰᠤ ᠰᠠᠨᠠᠯ ᠤᠳ ᠬᠢᠭᠡᠳ ᠮᠠᠨ ‍ᠣ ᠰᠠᠨᠠᠯ ᠄ ︵ ᠨᠢᠭᠡ ︶ ᠤᠢᠭᠤᠷᠵᠢᠨ ᠮᠣᠩᠭᠣᠯ ᠦᠰᠦᠭ ᠦᠨ ᠲᠣᠭᠲᠠᠯᠴᠠᠭ᠎ᠠ ᠲᠠᠢ ᠬᠣᠯᠪᠤᠭᠳᠠᠬᠤ ᠬᠡᠳᠦᠨ ᠵᠦᠢᠯ ︔ ︵ ᠬᠣᠶᠠᠷ ︶ ᠳᠦᠷᠰᠦ ᠠᠳᠠᠯᠢ ᠂ ᠳᠠᠭᠤᠳᠠᠯᠭ᠎ᠠ ᠥᠭᠡᠷ᠎ᠡ ᠦᠰᠦᠭ ᠦᠳ ︔ ︵ ᠭᠤᠷᠪᠠ ︶ ᠵᠥᠪ ᠪᠢᠴᠢᠬᠦ ᠳᠦᠷᠢᠮ ᠲᠠᠢ ᠬᠣᠯᠪᠤᠭᠳᠠᠬᠤ ᠬᠡᠳᠦᠨ ᠵᠦᠢᠯ ︔ ︵ ᠳᠥᠷᠪᠡ ︶ ᠦᠶ᠎ᠡ ︔ ︵ ᠲᠠᠪᠤ ︶ ᠤᠢᠭᠤᠷᠵᠢᠨ ᠮᠣᠩᠭᠣᠯ ᠦᠰᠦᠭ ᠦᠨ ᠬᠤᠪᠢᠯᠪᠤᠷᠢ ᠨᠤᠭᠤᠳ ᠤᠨ ᠲᠤᠬᠠᠢ ᠰᠤᠳᠤᠯᠤᠨ ᠰᠢᠨᠵᠢᠯᠡᠵᠦ ᠪᠣᠳᠠᠲᠤ ᠰᠢᠢᠳᠪᠦᠷᠢᠯᠡᠬᠦ ᠰᠠᠨᠠᠯ ᠢᠶᠠᠨ ᠳᠤᠷᠠᠳᠤᠨ ᠭᠠᠷᠭᠠᠵᠠᠢ ᠃