ᠥᠪᠦᠷ ᠮᠣᠩᠭᠤᠯ ᠤᠨ ᠮᠠᠯᠵᠢᠬᠤ ᠣᠷᠤᠨ ᠳᠠᠬᠢ ᠭᠠᠵᠠᠷ ᠰᠢᠷᠤᠢ ᠶᠢᠨ ᠬᠠᠷᠢᠴᠠᠭᠠᠨ ᠤ ᠬᠤᠪᠢᠷᠠᠯᠲᠠ ᠶᠢᠨ ᠲᠤᠬᠠᠢ
ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠥᠪᠦᠷ ᠮᠣᠩᠭᠤᠯ ᠦ᠋ᠨ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ -> 201204
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2019/04/02
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠨᠠᠰᠤᠨᠪᠠᠶᠠᠷ
ᠵᠠᠩᠭᠢᠯᠠᠭ᠎ᠠ ᠦᠭᠡ᠄ ᠥᠪᠥᠷ ᠮᠣᠩᠭᠣᠯ ︔ ᠭᠠᠵᠠᠷ ᠰᠢᠷᠤᠢ ᠶ᠋ᠢᠨ ᠬᠠᠷᠢᠴᠠᠭ᠎ᠠ ︔ ᠥᠮᠴᠢᠯᠡᠯ ᠦᠨ ᠡᠷᠬᠡ ︔ ᠬᠡᠷᠡᠭᠯᠡᠬᠦ ᠡᠷᠬᠡ ︔ ᠤᠯᠤᠰ ᠤᠨ ᠲᠠᠲᠠᠪᠤᠷᠢᠯᠠᠨ ᠬᠡᠷᠡᠭᠯᠡᠬᠦ ᠡᠷᠬᠡ
ᠰᠠᠭᠤᠷᠢ ᠮᠥᠩᠭᠦᠨ ᠤ᠋ ᠳᠡᠮᠵᠢᠯᠭᠡ᠄ ᠲᠤᠰ ᠥᠭᠦᠯᠡᠯ ᠰᠤᠷᠭᠠᠨ ᠬᠥᠮᠦᠵᠢᠯ ᠦ᠋ᠨ ᠶᠠᠮᠤᠨ ᠣ ᠭᠦᠨ ᠤᠬᠠᠭᠠᠨ ᠨᠡᠢᠭᠡᠮ ᠦ᠋ᠨ ᠰᠢᠨᠵᠢᠯᠡᠬᠦ ᠤᠬᠠᠭᠠᠨ ᠣ ᠭᠣᠣᠯᠳᠠᠯᠭ᠎ᠠ ᠲᠠᠢ ᠰᠤᠳᠤᠯᠭᠠᠨ ᠣ ᠰᠠᠭᠤᠷᠢᠨ ᠣ ᠥᠪᠥᠷ ᠮᠣᠩᠭᠣᠯ ᠤᠨ ᠶᠡᠬᠡ ᠰᠤᠷᠭᠠᠭᠤᠯᠢ ᠶᠢᠨ ᠮᠣᠩᠭᠣᠯ ᠰᠤᠳᠤᠯᠤᠯ ᠤᠨ ᠲᠥᠪ ᠦᠨ ᠰᠤᠳᠤᠯᠭᠠᠨ ᠣ ᠰᠡᠳᠦᠪ ︽ ᠰᠢᠯᠵᠢᠯᠲᠡ ᠶᠢᠨ ᠦᠶ᠎ᠡ ᠶᠢᠨ ᠦᠨᠳᠦᠰᠦᠲᠡᠨ ᠣ ᠲᠥᠷᠥ ᠶᠢᠨ ᠪᠣᠳᠤᠯᠭ᠎ᠠ ᠂ ᠬᠠᠤᠯᠢ ᠳᠦᠷᠢᠮ ᠵᠢᠴᠢ ᠦᠢᠯᠡᠳᠦᠯᠭᠡ ᠶᠢᠨ ᠲᠤᠩᠭᠠᠯᠲᠠ07JJ0850207︾ ᠶᠢᠨ ᠪᠦᠲᠦᠭᠡᠯ ᠦᠨ ᠨᠢᠭᠡ ᠶᠤᠮ ᠃
ᠠᠭᠤᠯᠭ᠎ᠠ ᠶ᠋ᠢᠨ ᠲᠣᠪᠴᠢ᠄ ᠲᠤᠰ ᠥᠭᠦᠯᠡᠯ ᠳ᠋ᠦ᠍ ᠂ ᠥᠪᠥᠷ ᠮᠣᠩᠭᠣᠯ ᠤᠨ ᠮᠠᠯᠵᠢᠬᠤ ᠣᠷᠤᠨ ᠣ ᠭᠠᠵᠠᠷ ᠰᠢᠷᠤᠢ ᠶ᠋ᠢᠨ ᠬᠠᠷᠢᠴᠠᠭ᠎ᠠ ᠶᠢ ᠲᠡᠦᠬᠡᠴᠢᠯᠡᠨ ᠲᠣᠪᠴᠢᠯᠠᠭᠰᠠᠨ ᠣ ᠰᠠᠭᠤᠷᠢᠨ ᠳᠡᠭᠡᠷ᠎ᠡ 1949 ᠣᠨ ᠠᠴᠠ ᠬᠣᠢᠰᠢᠬᠢ ᠂ ᠢᠯᠠᠩᠭᠤᠶ᠎ᠠ ᠣᠷᠴᠢᠮ ᠤᠨ ᠭᠤᠴᠢᠭᠠᠳ ᠵᠢᠯ ᠦᠨ ᠲᠤᠷᠰᠢ ᠳ᠋ᠤ᠌ ᠯᠤᠲᠤ ᠶᠡᠬᠡ ᠬᠤᠪᠢᠷᠠᠯᠲᠠ ᠪᠣᠯᠤᠭᠰᠠᠨ ᠢ᠋ ᠬᠥᠯᠥᠨ ᠪᠤᠢᠷ ᠤ᠋ᠨ ᠢᠮᠢᠨ ᠭᠠᠴᠠᠭᠠᠨ ᠣ ᠵᠢᠱ᠌ᠢᠶ᠎ᠡ ᠪᠡᠷ ᠲᠣᠳᠤᠷᠬᠠᠢᠯᠠᠵᠠᠢ ᠃ ᠭᠠᠵᠠᠷ ᠰᠢᠷᠤᠢ ᠶ᠋ᠢᠨ ᠥᠮᠴᠢᠯᠡᠯ ᠦᠨ ᠡᠷᠬᠡ ᠂ ᠬᠡᠷᠡᠭᠯᠡᠬᠦ ᠡᠷᠬᠡ ᠂ ᠲᠠᠲᠠᠪᠤᠷᠢᠯᠠᠨ ᠬᠡᠷᠡᠭᠯᠡᠬᠦ ᠂ ᠬᠤᠪᠢᠶᠠᠷᠢᠯᠠᠬᠤ ᠡᠷᠬᠡ ᠶᠢᠨ ᠬᠠᠷᠢᠯᠴᠠᠨ ᠰᠣᠯᠢᠪᠴᠢᠯᠠᠨ ᠬᠡᠷᠡᠭᠵᠢᠭᠦᠯᠦᠭᠳᠡᠬᠦ ᠶᠠᠪᠤᠴᠠ ᠳᠠᠬᠢ ᠤᠯᠤᠰ ᠤᠨ ᠲᠠᠲᠠᠪᠤᠷᠢᠯᠠᠨ ᠬᠡᠷᠡᠭᠯᠡᠬᠦ ᠡᠷᠬᠡ ᠶᠢᠨ ᠵᠢᠩᠬᠢᠨᠢ ᠰᠢᠢᠳᠪᠦᠷᠢᠯᠡᠬᠦ ᠦᠢᠯᠡᠳᠦᠯ ᠦᠵᠡᠭᠦᠯᠵᠦ ᠪᠠᠢᠬᠤ ᠶ᠋ᠢ ᠥᠭᠦᠯᠡᠯ ᠳ᠋ᠦ᠍ ᠵᠢᠭᠠᠨ ᠭᠠᠷᠭᠠᠵᠠᠢ ᠃