ᠬᠤᠭᠤᠴᠠᠭᠠᠲᠦ ᠰᠡᠳᠭᠦᠯ
>
ᠮᠣᠩᠭᠤᠯ ᠬᠡᠯᠡ ᠪᠢᠴᠢᠭ
>
ᠪᠠᠷᠠᠭᠤᠨ ᠮᠣᠩᠭᠤᠯ ᠰᠤᠳᠤᠯᠤᠯ
>
ᠣᠢᠷᠠᠳ ᠰᠤᠳᠤᠯᠤᠯ
>
ᠥᠪᠦᠷ ᠮᠣᠩᠭᠤᠯ ᠤ᠋ᠨ ᠰᠤᠷᠭᠠᠨ ᠬᠥᠮᠦᠵᠢᠯ
>
ᠮᠣᠩᠭᠤᠯ ᠬᠡᠯᠡ ᠪᠢᠴᠢᠭ ᠦ᠋ᠨ ᠰᠤᠳᠤᠯᠤᠯᠭᠠᠨ ᠤ᠋ ᠮᠠᠲ᠋ᠧᠷᠢᠶᠠᠯ ᠤ᠋ᠨ ᠡᠮᠬᠢᠳᠭᠡᠯ
>
ᠮᠣᠩᠭᠤᠯ ᠬᠡᠯᠡ ᠤᠳᠭ᠎ᠠ ᠵᠣᠬᠢᠶᠠᠯ ᠤ᠋ᠨ ᠰᠢᠨᠵᠢᠯᠡᠭᠡᠨ

ᠲᠦᠮᠡᠳ ᠤᠨ ᠠᠯᠪᠠᠨ ᠤ᠋ ᠰᠤᠷᠭᠠᠭᠤᠯᠢ ᠵᠢᠨ ᠵᠢᠭᠠᠨ ᠰᠤᠷᠭᠠᠯᠲᠠ ᠵᠢᠨ ᠠᠭᠤᠯᠭ᠎ᠠ ᠵᠢᠨ ᠬᠤᠪᠢᠰᠤᠯᠲᠠ ᠵᠢᠨ ᠲᠤᠬᠠᠢ ᠥᠭᠦᠯᠡᠬᠦ ᠨᠢ

ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠥᠪᠥᠷ ᠮᠣᠩᠭᠣᠯ ᠤᠨ ᠪᠠᠭᠰᠢ ᠶᠢᠨ ᠶᠡᠬᠡ ᠰᠤᠷᠭᠠᠭᠤᠯᠢ ᠶᠢᠨ ᠡᠷᠳᠡᠮ ᠰᠢᠨᠵᠢᠯᠡᠭᠡᠨ ᠦ ᠰᠡᠳᠬᠦᠯ ᠭᠦᠨ ᠤᠬᠠᠭᠠᠨ ᠨᠡᠢᠭᠡᠮ ᠦᠨ ᠰᠢᠨᠵᠢᠯᠡᠬᠦ ᠤᠬᠠᠭᠠᠨ ᠤ ᠮᠣᠩᠭᠤᠯ ᠬᠡᠪᠯᠡᠯ -> 201704
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2018/09/12
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠮᠧᠢ ᠬᠤᠸᠠ
ᠵᠠᠩᠭᠢᠯᠠᠭ᠎ᠠ ᠦᠭᠡ᠄ ᠲᠦᠮᠡᠳ ᠦ᠋ᠨ ᠠᠯᠪᠠᠨ ᠤ᠋ ᠰᠤᠷᠭᠠᠭᠤᠯᠢ︔ᠵᠢᠭᠠᠨ ᠰᠤᠷᠭᠠᠯᠲᠠ ᠵᠢᠨ ᠠᠭᠤᠯᠭ᠎ᠠ︔ ᠬᠤᠪᠢᠰᠤᠯᠲᠠ︔ ᠮᠣᠩᠭᠤᠯ ᠳ᠋ᠤ᠌ ᠠᠪᠤᠭᠰᠠᠨ ᠲᠥᠷᠦ ᠵᠢᠨ ᠪᠣᠳᠤᠯᠭ᠎ᠠ
ᠰᠠᠭᠤᠷᠢ ᠮᠥᠩᠭᠦᠨ ᠤ᠋ ᠳᠡᠮᠵᠢᠯᠭᠡ᠄ ᠲᠤᠰ ᠥᠭᠦᠯᠡᠯ  ᠪᠣᠯ ᠥᠪᠦᠷ ᠮᠣᠩᠭᠤᠯ ᠤ᠋ᠨ ᠭᠦᠨ ᠤᠬᠠᠭᠠᠨ ᠨᠡᠢᠭᠡᠮ ᠦ᠋ᠨ ᠰᠢᠨᠵᠢᠯᠡᠬᠦ ᠤᠬᠠᠭᠠᠨ ᠤ᠋ ᠰᠠᠭᠤᠷᠢ ᠮᠥᠩᠭᠦ ᠵᠢᠨ ᠲᠥᠰᠦᠯ︽ ᠴᠢᠩ ᠤᠨ ᠦᠶ᠎ᠡ ᠵᠢᠨ ᠲᠦᠮᠡᠳ ᠬᠣᠰᠢᠭᠤᠨ ᠤ᠋ ᠠᠯᠪᠠᠨ ᠤ᠋ ᠰᠤᠷᠭᠠᠭᠤᠯᠢ ᠵᠢᠴᠢ ᠲᠡᠭᠦᠨ ᠦ᠌ ᠲᠦᠮᠡᠳ ᠦ᠋ᠨ ᠰᠣᠶᠤᠯ ᠳ᠋ᠡᠬᠢ ᠨᠥᠯᠦᠭᠡ︾︵2015B076︶ᠵᠢᠨ ᠰᠤᠳᠤᠯᠭᠠᠨ ᠤ᠋ ᠪᠦᠲᠦᠭᠡᠯ ᠪᠣᠯᠤᠨ᠎ᠠ᠃
ᠠᠭᠤᠯᠭ᠎ᠠ ᠶ᠋ᠢᠨ ᠲᠣᠪᠴᠢ᠄ ᠨᠠᠢᠷᠠᠯᠲᠤ ᠲᠥᠪ ᠦ᠋ᠨ ᠠᠩᠬᠠᠨ ᠤ᠋ ᠣᠨ ᠳ᠋ᠤ᠌ ᠲᠦᠮᠡᠳ ᠲᠦ᠍ ᠺᠦᠩᠽᠢ ᠵᠢᠨ ᠰᠦᠮ᠎ᠡ᠂ ᠠᠯᠪᠠᠨ ᠤ᠋ ᠰᠤᠷᠭᠠᠭᠤᠯᠢ ᠪᠠᠢᠭᠤᠯᠤᠭᠳᠠᠵᠠᠢ᠃ ᠰᠤᠷᠭᠠᠭᠤᠯᠢ ᠪᠠᠢᠭᠤᠯᠤᠭᠴᠢ ᠵᠢᠨ ᠵᠣᠷᠢᠯᠭ᠎ᠠ ᠪᠠ ᠮᠣᠩᠭᠤᠯ ᠤᠳᠤᠮ ᠭᠠᠷᠤᠯ ᠵᠢ ᠴᠢᠩ  ᠤᠨ ᠲᠥᠷᠦ ᠵᠢᠨ ᠳᠣᠲᠤᠭᠠᠳᠤ ᠮᠣᠩᠭᠤᠯ ᠳ᠋ᠡᠬᠢ ᠲᠥᠷᠦ ᠵᠢᠨ ᠪᠣᠳᠤᠯᠭ᠎ᠠ ᠲᠠᠢ ᠶᠠᠭ ᠰᠠᠢᠬᠠᠨ ᠨᠡᠢᠴᠡᠵᠦ᠂ ᠠᠯᠪᠠᠨ ᠤ᠋ ᠰᠤᠷᠭᠠᠭᠤᠯᠢ ᠨᠢ ᠪᠠᠢᠭᠤᠯᠤᠭᠳᠠᠬᠤ ᠦᠶ᠎ᠡ ᠡᠴᠡ ᠪᠡᠨ ᠠᠪᠤᠭᠠᠳ ᠮᠣᠩᠭᠤᠯ ᠣᠨᠴᠠᠯᠢᠭ ᠲᠠᠢ ᠪᠣᠯᠵᠠᠢ᠃ ᠭᠡᠪᠡᠴᠦ ᠲᠡᠭᠷᠢ ᠵᠢᠨ ᠲᠡᠳᠭᠦᠭᠰᠡᠨ ᠦ᠌ ᠰᠡᠭᠦᠯᠴᠢ ᠪᠡᠷ᠂ ᠲᠦᠮᠡᠳ ᠦ᠋ᠨ ᠠᠯᠪᠠᠨ ᠤ᠋ ᠰᠤᠷᠭᠠᠭᠤᠯᠢ ᠵᠢ ᠵᠢᠭᠠᠨ ᠰᠤᠷᠭᠠᠯᠲᠠ ᠵᠢᠨ ᠠᠭᠤᠯᠭ᠎ᠠ ᠨᠢ ᠠᠭᠠᠵᠢᠮ ᠢ᠋ᠶ᠋ᠠᠷ ᠬᠤᠪᠢᠷᠠᠯᠲᠠ ᠭᠠᠷᠴᠤ᠂ ᠡᠴᠦᠰ ᠲᠡᠭᠡᠨ ᠬᠢᠲᠠᠳ ᠢ᠋ᠶ᠋ᠠᠷ ᠬᠢᠴᠢᠶᠡᠯᠯᠡᠬᠦ ᠲᠡᠰᠢ ᠬᠤᠪᠢᠷᠠᠵᠠᠢ᠃ ᠥᠭᠦᠯᠡᠯ ᠳ᠋ᠦ᠍ ᠭᠣᠣᠯᠳᠠᠭᠤ ᠲᠦᠮᠡᠳ ᠵᠡᠭᠦᠨ ᠬᠣᠰᠢᠭᠤᠨ ᠤ᠋ ᠠᠷᠬᠢᠪ ᠲᠤ᠌ ᠬᠠᠳᠠᠭᠠᠯᠠᠭᠳᠠᠵᠤ ᠪᠠᠢᠭ᠎ᠠ ᠴᠢᠩ ᠦ᠋ᠨ ᠬᠦᠢ ᠬᠤᠸᠠ ᠬᠣᠲᠠ ᠵᠢᠨ ᠳᠡᠳ᠋ ᠳ᠋ᠦᠲ᠋ᠦᠩ ᠦ᠋ᠨ ᠶᠠᠮᠤᠨ ᠤ᠋ ᠳᠠᠩᠰᠠ ᠡᠪᠬᠡᠮᠡᠯ ᠳ᠋ᠦ᠍ ᠲᠦᠰᠢᠭᠯᠡᠵᠦ᠂ ᠪᠤᠰᠤᠳ ᠰᠤᠷᠪᠤᠯᠵᠢ ᠮᠠᠲ᠋ᠧᠷᠢᠶᠠᠯ ᠲᠠᠢ ᠤᠶᠠᠯᠳᠤᠭᠤᠯᠤᠨ᠂ ᠲᠦᠮᠡᠳ ᠦ᠋ᠨ ᠠᠯᠪᠠᠨ ᠤ᠋ ᠰᠤᠷᠭᠠᠭᠤᠯᠢ ᠵᠢᠨ ᠵᠢᠭᠠᠨ ᠰᠤᠷᠭᠠᠯᠲᠠ ᠵᠢᠨ ᠠᠭᠤᠯᠭ᠎ᠠ ᠵᠢᠨ ᠬᠤᠪᠢᠰᠤᠯᠲᠠ ᠶ᠋ᠢ ᠰᠢᠰᠲ᠋ᠧᠮ ᠲᠠᠢ ᠡᠮᠬᠢᠳᠭᠡᠵᠦ᠂ ᠬᠠᠮᠲᠤ ᠳ᠋ᠤᠨᠢ ᠴᠢᠩ ᠤᠨ ᠲᠥᠷᠦ ᠵᠢᠨ ᠮᠣᠩᠭᠤᠯ ᠳ᠋ᠤ᠌ ᠠᠪᠤᠭᠰᠠᠨ ᠲᠥᠷᠦ ᠵᠢᠨ ᠪᠣᠳᠤᠯᠭ᠎ᠠ ᠵᠢᠨ ᠬᠠᠷᠠᠭᠠᠰᠤ ᠠ᠋ᠴᠠ ᠺᠦᠩᠽᠢ ᠵᠢᠨ ᠰᠦᠮ᠎ᠡ᠂ ᠠᠯᠪᠠᠨ ᠤ᠋ ᠰᠤᠷᠭᠠᠭᠤᠯᠢ ᠲᠦᠮᠡᠳ ᠲᠦ᠍ ᠪᠠᠢᠭᠤᠯᠤᠭᠳᠠᠭᠰᠠᠨ ᠵᠢᠴᠢ︽ ᠮᠣᠩᠭᠤᠯ ᠠᠯᠪᠠᠨ ᠤ᠋ ᠰᠤᠷᠭᠠᠭᠤᠯᠢ︾ ᠵᠢᠨ ᠪᠠᠢᠭᠤᠯᠤᠭᠳᠠᠭᠰᠠᠨ ᠰᠢᠯᠲᠠᠭᠠᠨ ᠤ᠋ ᠲᠤᠬᠠᠢ ᠰᠢᠨᠵᠢᠯᠡᠭᠰᠡᠨ ᠪᠠᠢᠨ᠎ᠠ᠃