ᠬᠤᠭᠤᠷ ᠤᠨ ᠦᠯᠢᠭᠡᠷ ᠪᠠ ᠦᠯᠢᠭᠡᠷᠲᠦ ᠳᠠᠭᠤᠤ ᠵᠢᠨ ᠡᠭᠦᠰᠦᠭᠰᠡᠨ ᠴᠠᠭ ᠦᠶ᠎ᠡ ᠪᠣᠯᠤᠨ ᠭᠠᠵᠠᠷ ᠣᠷᠤᠨ ᠢ᠋ ᠲᠤᠷᠰᠢᠨ ᠥᠭᠦᠯᠡᠬᠦ ᠨᠢ
ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠥᠪᠥᠷ ᠮᠣᠩᠭᠣᠯ ᠤᠨ ᠪᠠᠭᠰᠢ ᠶᠢᠨ ᠶᠡᠬᠡ ᠰᠤᠷᠭᠠᠭᠤᠯᠢ ᠶᠢᠨ ᠡᠷᠳᠡᠮ ᠰᠢᠨᠵᠢᠯᠡᠭᠡᠨ ᠦ ᠰᠡᠳᠬᠦᠯ ᠭᠦᠨ ᠤᠬᠠᠭᠠᠨ ᠨᠡᠢᠭᠡᠮ ᠦᠨ ᠰᠢᠨᠵᠢᠯᠡᠬᠦ ᠤᠬᠠᠭᠠᠨ ᠤ ᠮᠣᠩᠭᠤᠯ ᠬᠡᠪᠯᠡᠯ -> 201704
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2018/09/12
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠴᠢ ᠶᠠᠨ ᠵᠦ᠍
ᠵᠠᠩᠭᠢᠯᠠᠭ᠎ᠠ ᠦᠭᠡ᠄ ᠬᠤᠭᠤᠷ ᠤᠨ ᠦᠯᠢᠭᠡᠷ︔ᠦᠯᠢᠭᠡᠷᠲᠦ ᠳᠠᠭᠤᠤ︔ ᠬᠠᠷᠠᠴᠢᠨ︔ ᠮᠣᠩᠭᠤᠯᠵᠢᠨ
ᠰᠠᠭᠤᠷᠢ ᠮᠥᠩᠭᠦᠨ ᠤ᠋ ᠳᠡᠮᠵᠢᠯᠭᠡ᠄ ᠲᠤᠰ ᠥᠭᠦᠯᠡᠯ ᠨᠢ ᠥᠪᠦᠷ ᠮᠣᠩᠭᠤᠯ ᠦ᠋ᠨ ᠥᠪᠡᠷᠲᠡᠭᠡᠨ ᠵᠠᠰᠠᠬᠤ ᠣᠷᠤᠨ ᠤ᠋ ᠳᠡᠭᠡᠳᠦ ᠵᠡᠷᠭᠡ ᠵᠢᠨ ᠰᠤᠷᠭᠠᠭᠤᠯᠢ ᠵᠢᠨ ᠡᠷᠳᠡᠮ ᠰᠢᠨᠵᠢᠯᠡᠭᠡᠨ ᠦ᠌ ᠰᠡᠳᠦᠪ︽ᠬᠣᠷᠴᠢᠨ ᠦᠯᠢᠭᠡᠷᠲᠦ ᠳᠠᠭᠤᠤ ᠵᠢᠨ ᠰᠤᠳᠤᠯᠤᠯ︾︵ ᠰᠡᠳᠦᠪ ᠦ᠋ᠨ ᠨᠣᠮᠧᠷ ᠄ NJZC13273︶ ᠤᠨ ᠰᠤᠳᠤᠯᠭᠠᠨ ᠤ᠋ ᠦᠷ᠎ᠡ ᠪᠦᠲᠦᠭᠡᠯ ᠪᠣᠯᠤᠨ᠎ᠠ᠃
ᠠᠭᠤᠯᠭ᠎ᠠ ᠶ᠋ᠢᠨ ᠲᠣᠪᠴᠢ᠄ ᠬᠤᠭᠤᠷ ᠤᠨ ᠦᠯᠢᠭᠡᠷ ᠪᠠ ᠦᠯᠢᠭᠡᠷᠲᠦ ᠳᠠᠭᠤᠤ ᠵᠢᠨ ᠡᠭᠦᠰᠦᠭᠰᠡᠨ ᠴᠠᠭ ᠦᠶ᠎ᠡ ᠪᠣᠯᠤᠨ ᠭᠠᠵᠠᠷ ᠣᠷᠤᠨ ᠤ᠋ ᠲᠤᠬᠠᠢ᠂ ᠡᠷᠳᠡᠮᠲᠡᠳ ᠦ᠋ᠨ ᠥᠭᠦᠯᠡᠯ ᠵᠣᠬᠢᠶᠠᠯ ᠪᠤᠶᠤ ᠨᠣᠮ ᠳᠡᠪᠲᠡᠷ ᠦ᠋ᠳ ᠲᠦ᠍ ᠥᠪᠡᠷ ᠥᠪᠡᠷ ᠤᠨ ᠢ᠋ᠶ᠋ᠠᠨ ᠦᠵᠡᠯᠲᠡ ᠶ᠋ᠢ ᠳᠤᠷᠠᠳᠤᠭᠰᠠᠭᠠᠷ ᠢᠷᠡᠭᠰᠡᠨ ᠶᠤᠮ᠃ ᠥᠭᠦᠯᠡᠯ ᠳ᠋ᠦ᠍᠂ ᠵᠣᠬᠢᠶᠠᠭᠴᠢ ᠠ᠋ᠴᠠ ᠤᠷᠢᠳᠤᠬᠢ ᠬᠥᠮᠦᠰ ᠦ᠋ᠨ ᠰᠤᠳᠤᠯᠭᠠᠨ ᠤ᠋ ᠦᠷ᠎ᠡ ᠪᠦᠲᠦᠭᠡᠯ ᠦ᠋ᠳ ᠲᠦ᠍ ᠰᠠᠭᠤᠷᠢᠯᠠᠵᠤ᠂ ᠳᠠᠭᠤᠤ ᠬᠥᠭᠵᠢᠮ ᠦ᠋ᠨ ᠤᠬᠠᠭᠠᠨ ᠤ᠋ ᠰᠤᠳᠤᠯᠭᠠᠨ ᠤ᠋ ᠬᠠᠷᠠᠭᠠᠰᠤ ᠪᠠᠷ ᠭᠣᠣᠯᠳᠠᠭᠤᠯᠵᠤ᠂ ᠬᠤᠭᠤᠷ ᠤᠨ ᠦᠯᠢᠭᠡᠷ ᠪᠠ ᠦᠯᠢᠭᠡᠷᠲᠦ ᠳᠠᠭᠤᠤ ᠵᠢᠨ ᠡᠭᠦᠰᠦᠭᠰᠡᠨ ᠴᠠᠭ ᠦᠶ᠎ᠡ ᠪᠣᠯᠤᠨ ᠭᠠᠵᠠᠷ ᠣᠷᠤᠨ ᠤ᠋ ᠲᠤᠬᠠᠢ ᠰᠤᠳᠤᠯᠭᠠᠨ ᠤ᠋ ᠦᠵᠡᠯᠲᠡ ᠪᠡᠨ ᠳᠤᠷᠠᠳᠤᠨ ᠳᠡᠪᠰᠢᠭᠦᠯᠬᠦ ᠪᠣᠯᠤᠨ᠎ᠠ᠃