ᠬᠤᠭᠤᠴᠠᠭᠠᠲᠦ ᠰᠡᠳᠭᠦᠯ
>
ᠮᠣᠩᠭᠤᠯ ᠬᠡᠯᠡ ᠪᠢᠴᠢᠭ
>
ᠪᠠᠷᠠᠭᠤᠨ ᠮᠣᠩᠭᠤᠯ ᠰᠤᠳᠤᠯᠤᠯ
>
ᠣᠢᠷᠠᠳ ᠰᠤᠳᠤᠯᠤᠯ
>
ᠥᠪᠦᠷ ᠮᠣᠩᠭᠤᠯ ᠤ᠋ᠨ ᠰᠤᠷᠭᠠᠨ ᠬᠥᠮᠦᠵᠢᠯ
>
ᠮᠣᠩᠭᠤᠯ ᠬᠡᠯᠡ ᠪᠢᠴᠢᠭ ᠦ᠋ᠨ ᠰᠤᠳᠤᠯᠤᠯᠭᠠᠨ ᠤ᠋ ᠮᠠᠲ᠋ᠧᠷᠢᠶᠠᠯ ᠤ᠋ᠨ ᠡᠮᠬᠢᠳᠭᠡᠯ
>
ᠮᠣᠩᠭᠤᠯ ᠬᠡᠯᠡ ᠤᠳᠭ᠎ᠠ ᠵᠣᠬᠢᠶᠠᠯ ᠤ᠋ᠨ ᠰᠢᠨᠵᠢᠯᠡᠭᠡᠨ

ᠮᠣᠩᠭᠤᠯ ᠦᠨᠳᠦᠰᠦᠲᠡᠨ ᠦ᠌ ᠤᠯᠠᠮᠵᠢᠯᠠᠯᠲᠤ ᠰᠣᠶᠤᠯ ᠤᠨ ᠡᠬᠢ ᠪᠠᠶᠠᠯᠢᠭ ᠢ᠋ ᠵᠢᠭᠠᠨ ᠰᠤᠷᠭᠠᠯᠲᠠ ᠵᠢᠨ ᠠᠷᠭ᠎ᠠ ᠪᠠᠷ ᠨᠡᠭᠡᠭᠡᠨ ᠠᠰᠢᠭᠯᠠᠬᠤ ᠲᠤᠬᠠᠢ

ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠳᠤᠮᠳᠠᠳᠤ ᠤᠯᠤᠰ ᠤ᠋ᠨ ᠮᠣᠩᠭᠤᠯ ᠰᠤᠳᠤᠯᠤᠯ -> 201801
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2018/09/12
ᠦᠵᠡᠭᠰᠡᠨ ᠤᠳᠠᠭ᠎ᠠ: 1ᠤᠳᠠᠭ᠎ᠠ
ᠵᠣᠬᠢᠶᠠᠭᠴᠢ᠄ ᠮᠥᠩᠭᠦᠨᠲᠤᠶᠠᠭ᠎ᠠ
ᠵᠠᠩᠭᠢᠯᠠᠭ᠎ᠠ ᠦᠭᠡ᠄ ᠤᠯᠠᠮᠵᠢᠯᠠᠯᠲᠤ ᠰᠣᠶᠤᠯ ᠤᠨ ᠡᠬᠢ ᠪᠠᠶᠠᠯᠢᠭ︔ ᠵᠢᠭᠠᠨ ᠰᠤᠷᠭᠠᠯᠲᠠ︔ ᠨᠡᠭᠡᠭᠡᠨ ᠠᠰᠢᠭᠯᠠᠬᠤ
ᠰᠠᠭᠤᠷᠢ ᠮᠥᠩᠭᠦᠨ ᠤ᠋ ᠳᠡᠮᠵᠢᠯᠭᠡ᠄ ᠲᠤᠰ ᠥᠭᠦᠯᠡᠯ ᠪᠣᠯ ᠥᠪᠦᠷ ᠮᠣᠩᠭᠤᠯ ᠤᠨ ᠨᠡᠢᠭᠡᠮ ᠦ᠋ᠨ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠲᠥᠰᠦᠯ ᠦ᠋ᠨ ᠰᠡᠳᠦᠪ ᠪᠣᠯᠬᠤ︽ ᠮᠣᠩᠭᠤᠯ ᠦᠨᠳᠦᠰᠦᠲᠡᠨ ᠦ᠌ ᠤᠯᠠᠮᠵᠢᠯᠠᠯᠲᠤ ᠰᠣᠶᠤᠯ ᠤᠨ ᠡᠬᠢ ᠪᠠᠶᠠᠯᠢᠭ ᠢ᠋ ᠨᠡᠭᠡᠭᠡᠬᠦ ᠵᠢᠴᠢ ᠡᠬᠡ ᠬᠡᠯᠡᠨ ᠦ᠌ ᠰᠤᠷᠭᠠᠨ ᠬᠥᠮᠦᠵᠢᠯ ᠦ᠋ᠨ ᠲᠤᠬᠠᠢ ᠰᠤᠳᠤᠯᠭᠠᠨ︾︵ ᠵᠥᠪᠰᠢᠶᠡᠷᠡᠭᠳᠡᠭᠰᠡᠨ ᠳ᠋ᠤᠭᠠᠷ᠄ 2017NDB104︶ ᠤ᠋ ᠱᠠᠲᠤᠴᠢ ᠴᠢᠨᠠᠷ ᠲᠠᠢ ᠪᠦᠲᠦᠭᠡᠯ ᠪᠣᠯᠤᠨ᠎ᠠ᠃
ᠠᠭᠤᠯᠭ᠎ᠠ ᠶ᠋ᠢᠨ ᠲᠣᠪᠴᠢ᠄ ᠮᠣᠩᠭᠤᠯ ᠦᠨᠳᠦᠰᠦᠲᠡᠨ ᠦ᠌ ᠤᠯᠠᠮᠵᠢᠯᠠᠯᠲᠤ ᠰᠣᠶᠤᠯ ᠤᠨ ᠠᠭᠤᠯᠬᠤᠨ ᠲᠤᠩ ᠪᠠᠶᠠᠯᠢᠭ ᠪᠠᠢᠳᠠᠭ᠃ ᠪᠢᠳᠡ ᠮᠣᠩᠭᠤᠯᠴᠤᠳ ᠤᠨ ᠭᠡᠷ ᠪᠦᠯᠢ ᠵᠢᠨ ᠬᠥᠮᠦᠵᠢᠯ᠂ ᠵᠠᠩ ᠦᠢᠯᠡ᠂ ᠨᠠᠭᠠᠳᠤᠮ ᠲᠣᠭᠯᠠᠭᠠᠮ᠂ ᠰᠣᠶᠤᠯ ᠤᠷᠠᠯᠢᠭ ᠤᠨ ᠡᠬᠢ ᠪᠠᠶᠠᠯᠢᠭ ᠢ᠋ ᠰᠤᠷᠭᠠᠭᠤᠯᠢ ᠵᠢᠨ ᠰᠤᠷᠭᠠᠨ ᠬᠥᠮᠦᠵᠢᠯ ᠳ᠋ᠦ᠍ ᠠᠭᠤᠰᠭᠠᠨ ᠬᠡᠷᠡᠭᠯᠡᠵᠦ᠂ ᠦᠨᠳᠦᠰᠦᠲᠡᠨ ᠦ᠌ ᠥᠪᠡᠷᠮᠢᠴᠡ ᠣᠨᠴᠠᠯᠢᠭ ᠢ᠋ᠶ᠋ᠠᠨ ᠲᠣᠳᠤᠷᠠᠭᠤᠯᠵᠤ᠂ ᠭᠠᠵᠠᠷ ᠣᠷᠤᠨ ᠤ᠋ ᠣᠨᠴᠠᠯᠢᠭ ᠪᠠ ᠦᠨᠳᠦᠰᠦᠲᠡᠨ ᠦ᠌ ᠣᠨᠴᠠᠯᠢᠭ ᠲᠠᠢ ᠤᠯᠠᠮᠵᠢᠯᠠᠯᠲᠤ ᠰᠤᠷᠭᠠᠨ ᠬᠥᠮᠦᠵᠢᠯ ᠦ᠋ᠨ ᠡᠬᠢ ᠪᠠᠶᠠᠯᠢᠭ  ᠢ᠋ ᠨᠡᠭᠡᠭᠡᠨ ᠠᠰᠢᠭᠯᠠᠬᠤ ᠴᠢᠬᠤᠯᠠ ᠲᠠᠢ ᠮᠥᠷᠲᠡᠭᠡᠨ ᠢᠯᠠᠩᠭᠤᠶ᠎ᠠ ᠬᠡᠦᠬᠡᠳ ᠪᠠᠭᠠᠴᠤᠳ ᠦᠨᠳᠦᠰᠦᠲᠡᠨ ᠦ᠌ ᠪᠡᠨ ᠰᠣᠳᠤᠨ ᠰᠢᠯᠢᠳᠡᠭ ᠤᠯᠠᠮᠵᠢᠯᠠᠯᠲᠤ ᠰᠣᠶᠤᠯ ᠢ᠋ ᠲᠠᠰᠤᠷᠠᠯᠲᠠ ᠦᠭᠡᠢ ᠰᠤᠷᠤᠯᠴᠠᠬᠤ ᠵᠢᠨ ᠳᠠᠭᠠᠤ ᠬᠠᠷᠢ ᠵᠢᠨ ᠳᠠᠪᠰᠢᠭᠰᠠᠨ ᠰᠣᠶᠤᠯ ᠢ᠋ ᠰᠢᠩᠭᠡᠭᠡᠨ ᠠᠪᠴᠤ᠂ ᠥᠪᠡᠷ ᠦ᠋ᠨ ᠦᠨᠳᠦᠰᠦᠲᠡᠨ ᠦ᠌ ᠰᠣᠶᠤᠯ ᠢ᠋ᠶ᠋ᠠᠨ ᠬᠠᠮᠠᠭᠠᠯᠠᠵᠤ᠂ ᠠᠭᠤᠳᠠᠯᠠᠵᠤ᠂ ᠤᠯᠠᠮᠵᠢᠯᠠᠬᠤ ᠴᠢᠬᠤᠯᠠ ᠲᠠᠢ ᠶᠤᠮ᠃