ᠡᠷᠲᠡᠨ ᠦ᠌ ᠮᠣᠩᠭᠤᠯ ᠬᠡᠯᠡ ᠪᠠ ᠡᠷᠲᠡᠨ ᠦ᠌ ᠲᠦᠷᠦᠭ ᠬᠡᠯᠡᠨ ᠦ᠌ ᠦᠭᠡ ᠪᠦᠲᠦᠭᠡᠬᠦ ᠳᠠᠭᠠᠪᠤᠷᠢ ᠵᠢᠨ ᠰᠢᠨᠵᠢᠯᠡᠯ
ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠳᠤᠮᠳᠠᠳᠤ ᠤᠯᠤᠰ ᠤ᠋ᠨ ᠮᠣᠩᠭᠤᠯ ᠰᠤᠳᠤᠯᠤᠯ -> 201801
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2018/09/12
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠬᠣᠩ ᠮᠧᠢ
ᠵᠠᠩᠭᠢᠯᠠᠭ᠎ᠠ ᠦᠭᠡ᠄ ᠡᠷᠲᠡᠨ ᠦ᠌ ᠮᠣᠩᠭᠤᠯ ᠬᠡᠯᠡ︔ ᠡᠷᠲᠡᠨ ᠦ᠌ ᠲᠦᠷᠦᠭ ᠬᠡᠯᠡ︔ ᠦᠭᠡ ᠪᠦᠲᠦᠭᠡᠬᠦ ᠳᠠᠭᠠᠪᠤᠷᠢ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠡᠷᠲᠡᠨ ᠦ᠌ ᠮᠣᠩᠭᠤᠯ ᠬᠡᠯᠡ ᠪᠠ ᠲᠦᠷᠦᠭ ᠬᠡᠯᠡ ᠨᠢ ᠠᠯᠲᠠᠢ ᠢᠵᠠᠭᠤᠷ ᠬᠡᠯᠡᠨ ᠳ᠋ᠦ᠍ ᠬᠠᠷᠢᠶᠠᠯᠠᠭᠳᠠᠨ᠎ᠠ᠂ ᠬᠣᠶᠠᠷ ᠬᠡᠯᠡ ᠨᠢ ᠪᠦᠷ ᠦᠭᠡ ᠵᠢᠨ ᠢᠵᠠᠭᠤᠷ ᠲᠤ᠌ ᠠᠳᠠᠯᠢ ᠪᠤᠰᠤ ᠵᠢᠨ ᠦᠭᠡ ᠪᠦᠲᠦᠭᠡᠬᠦ ᠳᠠᠭᠠᠪᠤᠷᠢ ᠵᠠᠯᠭᠠᠵᠤ᠂ ᠬᠡᠯᠡ ᠵᠦᠢ ᠵᠢᠨ ᠡᠭᠦᠷᠭᠡ ᠶ᠋ᠢ ᠭᠦᠢᠴᠡᠳᠭᠡᠳᠡᠭ᠃ ᠦᠭᠡ ᠪᠦᠲᠦᠭᠡᠬᠦ ᠠᠷᠭ᠎ᠠ ᠵᠢᠨ ᠳᠣᠲᠤᠷ᠎ᠠ ᠥᠷᠭᠡᠨ ᠢ᠋ᠶ᠋ᠡᠷ ᠬᠡᠷᠡᠭᠯᠡᠭᠳᠡᠳᠡᠭ ᠬᠣᠶᠠᠷ ᠠᠷᠭ᠎ᠠ ᠪᠣᠯ ᠦᠭᠡ ᠵᠢᠨ ᠢᠵᠠᠭᠤᠷ ᠲᠤ᠌ ᠳᠠᠭᠠᠪᠤᠷᠢ ᠵᠠᠯᠭᠠᠬᠤ ᠪᠣᠯᠤᠨ ᠨᠡᠢᠯᠡᠮᠡᠯ ᠦᠭᠡ ᠵᠢᠨ ᠠᠷᠭ᠎ᠠ ᠪᠣᠯᠤᠨ᠎ᠠ᠃ ᠣᠨᠴᠠᠭᠠᠢᠯᠠᠨ ᠦᠭᠡ ᠵᠢᠨ ᠢᠵᠠᠭᠤᠷ ᠲᠤ᠌ ᠳᠠᠭᠠᠪᠤᠷᠢ ᠵᠠᠯᠭᠠᠬᠤ ᠪᠣᠯ ᠰᠢᠨ᠎ᠡ ᠦᠭᠡ ᠪᠦᠲᠦᠭᠡᠬᠦ ᠭᠣᠣᠯ ᠠᠷᠭ᠎ᠠ ᠪᠠᠷᠢᠯ ᠪᠣᠯᠤᠨ᠎ᠠ᠃ ᠲᠤᠰ ᠬᠣᠶᠠᠷ ᠬᠡᠯᠡᠨ ᠦ᠌ ᠨᠡᠷ᠎ᠡ ᠦᠭᠡ᠂ ᠦᠢᠯᠡ ᠦᠭᠡ ᠪᠣᠯᠤᠨ ᠲᠡᠮᠳᠡᠭ ᠦᠭᠡ ᠪᠦᠲᠦᠭᠡᠬᠦ ᠳᠠᠭᠠᠪᠤᠷᠢ ᠶ᠋ᠢ ᠬᠠᠷᠢᠴᠠᠭᠤᠯᠵᠤ ᠦᠵᠡᠪᠡᠯ ᠰᠠᠶᠢ ᠬᠣᠶᠠᠷ ᠬᠡᠯᠡᠨ ᠦ᠌ ᠦᠭᠡ ᠪᠦᠲᠦᠭᠡᠬᠦ ᠲᠠᠯ᠎ᠠ ᠪᠠᠷ ᠬᠢ ᠠᠳᠠᠯᠢ ᠪᠠ ᠠᠳᠠᠯᠢ ᠪᠤᠰᠤ ᠦᠵᠡᠭᠳᠡᠯ ᠢ᠋ ᠢᠯᠡᠷᠡᠭᠦᠯᠵᠦ ᠪᠣᠯᠤᠨ᠎ᠠ᠃