ᠳᠤᠮᠳᠠᠳᠤ ᠤᠯᠤᠰ ᠤ᠋ᠨ ᠮᠣᠩᠭᠤᠯ ᠬᠡᠯᠡᠨ ᠤ᠋ ᠰᠠᠭᠤᠷᠢ ᠠᠶᠠᠯᠭᠤ ᠪᠠ ᠮᠣᠩᠭᠤᠯ ᠤᠯᠤᠰ ᠤ᠋ᠨ ᠮᠣᠩᠭᠤᠯ ᠬᠡᠯᠡᠨ ᠤ᠋ ᠲᠥᠪ ᠠᠶᠠᠯᠭᠤᠨ ᠳ᠋ᠠᠬᠢ ᠦᠭᠡ ᠬᠡᠷᠡᠭᠯᠡᠭᠡᠨ ᠤ᠋ ᠵᠠᠷᠢᠮ ᠠᠰᠠᠭᠤᠳᠠᠯ
ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠳᠤᠮᠳᠠᠳᠤ ᠤᠯᠤᠰ ᠤ᠋ᠨ ᠮᠣᠩᠭᠤᠯ ᠰᠤᠳᠤᠯᠤᠯ -> 201404
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2018/12/04
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠪᠣ ᠮᠠᠨᠯᠢᠶᠠᠩ
ᠵᠠᠩᠭᠢᠯᠠᠭ᠎ᠠ ᠦᠭᠡ᠄ ᠳᠤᠮᠳᠠᠳᠤ ᠤᠯᠤᠰ︔ ᠮᠣᠩᠭᠤᠯ ᠤᠯᠤᠰ︔ ᠰᠠᠭᠤᠷᠢ ᠠᠶᠠᠯᠭᠤ︔ ᠲᠥᠪ ᠠᠶᠠᠯᠭᠤ︔ ᠦᠭᠡ ᠬᠡᠷᠡᠭᠯᠡᠭᠡ︔ ᠵᠠᠷᠢᠮ ᠠᠰᠠᠭᠤᠳᠠᠯ
ᠰᠠᠭᠤᠷᠢ ᠮᠥᠩᠭᠦᠨ ᠤ᠋ ᠳᠡᠮᠵᠢᠯᠭᠡ᠄ ᠲᠤᠰ ᠥᠭᠦᠯᠡᠯ ᠪᠣᠯ ᠲᠥᠪ ᠦ᠋ᠨ ᠦᠨᠳᠦᠰᠦᠲᠡᠨ ᠤ᠋ ᠶᠡᠬᠡ ᠰᠤᠷᠭᠠᠭᠤᠯᠢ ᠶ᠋ᠢᠨ985 ᠢᠨᠵᠧᠨᠧᠷᠢᠩ ᠦ᠋ᠨ ᠰᠠᠭᠤᠷᠢ ᠮᠥᠩᠭᠦᠨ ᠤ᠋ ᠰᠤᠳᠤᠯᠭᠠᠨ ᠤ᠋ ᠲᠥᠰᠦᠯ︽ ᠮᠣᠩᠭᠤᠯ ᠤᠯᠤᠰ ᠤ᠋ᠨ ᠮᠣᠩᠭᠤᠯ ᠬᠡᠯᠡᠨ ᠤ᠋ ᠬᠡᠷᠡᠭᠯᠡᠭᠡᠨ ᠤ᠋ ᠪᠠᠢᠳᠠᠯ︾ ᠪᠣᠯᠤᠨ ᠤᠯᠤᠰ ᠤ᠋ᠨ ᠨᠡᠢᠭᠡᠮ ᠦ᠋ᠨ ᠰᠢᠨᠵᠢᠯᠡᠬᠦ ᠤᠬᠠᠭᠠᠨ ᠤ᠋ ᠰᠠᠭᠤᠷᠢ ᠮᠥᠩᠭᠦᠨ ᠤ᠋ ᠲᠥᠰᠦᠯ︽ ᠳᠤᠮᠳᠠᠳᠤ ᠤᠯᠤᠰ ᠤ᠋ᠨ ᠮᠣᠩᠭᠤᠯ ᠬᠡᠯᠡᠨ ᠤ᠋ ᠰᠠᠭᠤᠷᠢ ᠠᠶᠠᠯᠭᠤ ᠪᠠ ᠮᠣᠩᠭᠤᠯ ᠤᠯᠤᠰ ᠤ᠋ᠨ ᠮᠣᠩᠭᠤᠯ ᠬᠡᠯᠡᠨ ᠤ᠋ ᠲᠥᠪ ᠠᠶᠠᠯᠭᠤᠨ ᠤ᠋ ᠬᠠᠷᠢᠴᠠᠭᠤᠯᠤᠭᠰᠠᠨ ᠲᠣᠯᠢ ᠪᠢᠴᠢᠭ︾︵ ᠵᠥᠪᠰᠢᠶᠡᠷᠡᠭᠰᠡᠨ ᠨᠣᠮᠧᠷ᠄12BYY110︶ ᠦ᠋ᠨ ᠨᠢᠭᠡ ᠬᠡᠰᠡᠭ ᠪᠣᠯᠤᠨ᠎ᠠ᠃
ᠠᠭᠤᠯᠭ᠎ᠠ ᠶ᠋ᠢᠨ ᠲᠣᠪᠴᠢ᠄ ᠳᠤᠮᠳᠠᠳᠤ ᠤᠯᠤᠰ ᠤ᠋ᠨ ᠮᠣᠩᠭᠤᠯ ᠬᠡᠯᠡᠨ ᠤ᠋ ᠰᠠᠭᠤᠷᠢ ᠠᠶᠠᠯᠭᠤ ᠪᠠ ᠮᠣᠩᠭᠤᠯ ᠤᠯᠤᠰ ᠤ᠋ᠨ ᠮᠣᠩᠭᠤᠯ ᠬᠡᠯᠡᠨ ᠤ᠋ ᠲᠥᠪ ᠠᠶᠠᠯᠭᠤᠨ ᠳ᠋ᠠᠬᠢ ᠦᠭᠡ ᠶ᠋ᠢᠨ ᠰᠠᠩ ᠤ᠋ᠨ ᠬᠤᠪᠢᠷᠠᠯ ᠬᠥᠭᠵᠢᠯ᠂ ᠦᠭᠡ ᠬᠡᠷᠡᠭᠯᠡᠭᠡ᠂ ᠵᠠᠩᠰᠢᠯ ᠵᠡᠷᠭᠡ ᠶ᠋ᠢᠨ ᠠᠰᠠᠭᠤᠳᠠᠯ ᠢ᠋ ᠬᠠᠷᠢᠴᠠᠭᠤᠯᠤᠨ ᠰᠢᠨᠵᠢᠬᠦ ᠨᠢ ᠳᠤᠮᠳᠠᠳᠤ ᠮᠣᠩᠭᠤᠯ ᠬᠣᠶᠠᠷ ᠤᠯᠤᠰ ᠤ᠋ᠨ ᠤᠯᠤᠰ ᠲᠥᠷᠦ᠂ ᠠᠵᠤ ᠠᠬᠤᠢ᠂ ᠰᠣᠶᠤᠯ ᠰᠤᠷᠭᠠᠨ ᠬᠥᠮᠦᠵᠢᠯ᠂ ᠡᠷᠳᠡᠮ ᠰᠤᠳᠤᠯᠭᠠᠨ ᠵᠡᠷᠭᠡ ᠶ᠋ᠢᠨ ᠣᠯᠠᠨ ᠬᠦᠷᠢᠶᠡᠨ ᠳ᠋ᠤ᠌ ᠪᠦᠷ ᠴᠢᠬᠤᠯᠠ ᠱᠠᠭᠠᠷᠳᠠᠭᠳᠠᠬᠤ ᠠᠵᠢᠯ ᠶᠤᠮ᠃ ᠲᠤᠰ ᠥᠭᠦᠯᠡᠯ ᠳ᠋ᠤ᠌ ᠳᠤᠮᠳᠠᠳᠤ ᠤᠯᠤᠰ ᠤ᠋ᠨ ᠮᠣᠩᠭᠤᠯ ᠬᠡᠯᠡᠨ ᠤ᠋ ᠰᠠᠭᠤᠷᠢ ᠠᠶᠠᠯᠭᠤ ᠪᠠ ᠮᠣᠩᠭᠤᠯ ᠤᠯᠤᠰ ᠤ᠋ᠨ ᠮᠣᠩᠭᠤᠯ ᠬᠡᠯᠡᠨ ᠤ᠋ ᠲᠥᠪ ᠠᠶᠠᠯᠭᠤᠨ ᠳ᠋ᠠᠬᠢ ᠦᠭᠡ ᠬᠡᠷᠡᠭᠯᠡᠭᠡᠨ ᠤ᠋ ᠠᠰᠠᠭᠤᠳᠠᠯ ᠢ᠋ ᠨᠢᠭᠡ ᠪᠦᠯᠦᠭ ᠥᠪᠡᠷᠮᠢᠴᠡ ᠦᠭᠡ᠂ ᠤᠳᠭ᠎ᠠ ᠵᠥᠷᠢᠶᠡᠨ ᠲᠡᠢ ᠦᠭᠡ᠂ ᠬᠠᠷᠢ ᠭᠠᠷᠤᠯᠲᠠᠢ ᠦᠭᠡ ᠪᠡᠷ ᠵᠢᠱ᠌ᠢᠶᠡᠯᠡᠵᠦ᠂ ᠲᠡᠳᠡᠭᠡᠷ ᠦ᠋ᠨ ᠡᠭᠦᠰᠦᠯ ᠭᠠᠷᠤᠯ᠂ ᠪᠦᠲᠦᠴᠡ ᠪᠦᠷᠢᠯᠳᠦᠬᠦᠨ ᠪᠠ ᠬᠡᠷᠡᠭᠯᠡᠭᠡᠨ ᠤ᠋ ᠲᠠᠯ᠎ᠠ ᠶ᠋ᠢᠨ ᠣᠨᠴᠠᠯᠢᠭ ᠵᠡᠷᠭᠡ ᠶ᠋ᠢ ᠬᠡᠯᠡ ᠬᠡᠷᠡᠭᠯᠡᠭᠴᠢᠳ ᠦ᠋ᠨ ᠠᠮᠢᠳᠤᠷᠠᠯ ᠵᠠᠩᠰᠢᠯ ᠤ᠋ᠨ ᠬᠣᠯᠪᠤᠭᠳᠠᠯ ᠠ᠋ᠴᠠ ᠮᠥᠴᠢᠳ ᠥᠭᠦᠯᠡᠬᠦ ᠪᠣᠯᠤᠨ᠎ᠠ᠃