ᠬᠤᠭᠤᠴᠠᠭᠠᠲᠦ ᠰᠡᠳᠭᠦᠯ
>
ᠮᠣᠩᠭᠤᠯ ᠬᠡᠯᠡ ᠪᠢᠴᠢᠭ
>
ᠪᠠᠷᠠᠭᠤᠨ ᠮᠣᠩᠭᠤᠯ ᠰᠤᠳᠤᠯᠤᠯ
>
ᠣᠢᠷᠠᠳ ᠰᠤᠳᠤᠯᠤᠯ
>
ᠥᠪᠦᠷ ᠮᠣᠩᠭᠤᠯ ᠤ᠋ᠨ ᠰᠤᠷᠭᠠᠨ ᠬᠥᠮᠦᠵᠢᠯ
>
ᠮᠣᠩᠭᠤᠯ ᠬᠡᠯᠡ ᠪᠢᠴᠢᠭ ᠦ᠋ᠨ ᠰᠤᠳᠤᠯᠤᠯᠭᠠᠨ ᠤ᠋ ᠮᠠᠲ᠋ᠧᠷᠢᠶᠠᠯ ᠤ᠋ᠨ ᠡᠮᠬᠢᠳᠭᠡᠯ
>
ᠮᠣᠩᠭᠤᠯ ᠬᠡᠯᠡ ᠤᠳᠭ᠎ᠠ ᠵᠣᠬᠢᠶᠠᠯ ᠤ᠋ᠨ ᠰᠢᠨᠵᠢᠯᠡᠭᠡᠨ

ᠮᠣᠩᠭᠤᠯ ᠬᠡᠯᠡᠨ ᠤ᠋ ᠠᠪᠢᠶᠠᠨ ᠤ᠋ ᠤᠷᠲᠤᠳᠭᠠᠯ ᠪᠣᠭᠤᠨᠢᠰᠭᠠᠯ ᠤ᠋ᠨ ᠠᠷᠭ᠎ᠠ ᠶ᠋ᠢᠨ ᠬᠥᠭᠵᠢᠩᠭᠦᠢ ᠰᠢᠨᠵᠢ ᠶ᠋ᠢ ᠲᠤᠷᠰᠢᠨ ᠥᠭᠦᠯᠡᠬᠦ ᠨᠢ

ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠳᠤᠮᠳᠠᠳᠤ ᠤᠯᠤᠰ ᠤ᠋ᠨ ᠮᠣᠩᠭᠤᠯ ᠰᠤᠳᠤᠯᠤᠯ -> 201404
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2018/12/04
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠥᠯᠵᠡᠢᠳᠠᠯᠠᠢ
ᠵᠠᠩᠭᠢᠯᠠᠭ᠎ᠠ ᠦᠭᠡ᠄ ᠠᠪᠢᠶᠠᠨ ᠤ᠋ ᠤᠷᠲᠤᠳᠭᠠᠯ ᠤ᠋ᠨ ᠠᠷᠭ᠎ᠠ︔ ᠠᠪᠢᠶᠠᠨ ᠤ᠋ ᠪᠣᠭᠤᠨᠢᠰᠭᠠᠯ ᠤ᠋ᠨ ᠠᠷᠭ᠎ᠠ︔ ᠬᠡᠯᠡᠨ ᠤ᠋ ᠬᠥᠭᠵᠢᠩᠭᠦᠢ ᠲᠠᠯ᠎ᠠ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠬᠥᠳᠡᠭᠡ ᠶ᠋ᠢᠨ ᠬᠢᠨ ᠤ᠋ ᠮᠣᠩᠭᠤᠯ ᠬᠡᠯᠡᠨ ᠳ᠋ᠤ᠌ ᠪᠠᠢᠳᠠᠭ ᠠᠪᠢᠶᠠᠨ ᠤ᠋ ᠤᠷᠲᠤᠳᠭᠠᠯ ᠤ᠋ᠨ ᠠᠷᠭ᠎ᠠ᠂ ᠠᠪᠢᠶᠠᠨ ᠤ᠋ ᠪᠣᠭᠤᠨᠢᠰᠭᠠᠯ ᠤ᠋ᠨ ᠠᠷᠭ᠎ᠠ ᠶ᠋ᠢ ᠮᠣᠩᠭᠤᠯ ᠬᠡᠯᠡᠨ ᠤ᠋ ᠨᠢᠭᠡᠨ ᠬᠥᠭᠵᠢᠩᠭᠦᠢ ᠲᠠᠯ᠎ᠠ ᠭᠡᠵᠦ ᠦᠵᠡᠵᠦ ᠪᠣᠯᠤᠨ᠎ᠠ᠃ ᠲᠡᠭᠦᠨ ᠤ᠋ ᠡᠭᠦᠰᠦᠯ ᠳ᠋ᠤ᠌ ᠬᠥᠳᠡᠭᠡ ᠶ᠋ᠢᠨ ᠣᠷᠤᠨ ᠵᠠᠢ ᠶ᠋ᠢᠨ ᠪᠤᠰᠤᠳᠴᠢ ᠰᠠᠭᠤᠷᠢ ᠦᠢᠯᠡᠳᠦᠯ ᠦᠵᠡᠭᠦᠯᠦᠭᠰᠡᠨ ᠪᠠᠢᠨ᠎ᠠ᠃ ᠲᠡᠷᠡ ᠬᠣᠶᠠᠷ ᠠᠷᠭ᠎ᠠ ᠠᠪᠰᠠᠷᠬᠠᠨ ᠠᠷᠭ᠎ᠠ ᠲᠤᠯᠠ ᠳᠠᠪᠠᠭᠤᠯᠢᠭ ᠪᠠᠢᠷᠢ ᠲᠠᠢ᠂ ᠬᠠᠷᠢᠨ ᠲᠡᠭᠦᠨ ᠢ᠋ ᠵᠠᠯᠬᠠᠭᠤᠷᠠᠯ ᠲᠡᠳᠦᠢᠬᠡᠨ ᠡᠴᠡ ᠪᠣᠯᠤᠭᠰᠠᠨ ᠠᠷᠭ᠎ᠠ ᠭᠡᠵᠦ ᠥᠷᠦᠭᠡᠰᠦᠯ ᠢ᠋ᠶ᠋ᠡᠷ ᠲᠠᠢᠯᠪᠤᠷᠢᠯᠠᠵᠤ ᠪᠣᠯᠬᠤ ᠦᠭᠡᠢ᠃ ᠬᠡᠯᠡᠨ ᠤ᠋ ᠠᠪᠰᠠᠷᠵᠢᠯ ᠤ᠋ᠨ ᠵᠢᠮ᠎ᠡ ᠬᠠᠤᠯᠢ ᠪᠠᠷ ᠦᠵᠡᠬᠦ ᠳ᠋ᠤ᠌ ᠤᠳᠭ᠎ᠠ ᠪᠠᠨ ᠪᠦᠷᠢᠨ ᠭᠦᠢᠴᠡᠳ ᠢᠯᠡᠳᠭᠡᠵᠦ ᠳᠡᠢᠯᠬᠦ ᠤᠷᠢᠲᠠᠯ ᠳᠣᠣᠷ᠎ᠠ ᠠᠯᠢ ᠪᠣᠯᠬᠤ ᠪᠠᠷ ᠠᠪᠰᠠᠷᠬᠠᠨ ᠠᠷᠭ᠎ᠠ ᠬᠡᠯᠪᠡᠷᠢ ᠶ᠋ᠢ ᠰᠣᠩᠭᠤᠨ ᠬᠡᠷᠡᠭᠯᠡᠬᠦ ᠨᠢ ᠵᠦᠢ ᠲᠡᠢ ᠪᠣᠯᠬᠣᠷ ᠡᠢᠮᠦ ᠠᠪᠰᠠᠷᠬᠠᠨ ᠢᠯᠡᠳᠭᠡᠬᠦ ᠠᠷᠭ᠎ᠠ ᠶ᠋ᠢ ᠳᠡᠯᠭᠡᠷᠡᠭᠦᠯᠵᠦ ᠬᠡᠷᠡᠭᠯᠡᠵᠦ ᠪᠣᠯᠤᠨ᠎ᠠ᠃