ᠬᠤᠭᠤᠴᠠᠭᠠᠲᠦ ᠰᠡᠳᠭᠦᠯ
>
ᠮᠣᠩᠭᠤᠯ ᠬᠡᠯᠡ ᠪᠢᠴᠢᠭ
>
ᠪᠠᠷᠠᠭᠤᠨ ᠮᠣᠩᠭᠤᠯ ᠰᠤᠳᠤᠯᠤᠯ
>
ᠣᠢᠷᠠᠳ ᠰᠤᠳᠤᠯᠤᠯ
>
ᠥᠪᠦᠷ ᠮᠣᠩᠭᠤᠯ ᠤ᠋ᠨ ᠰᠤᠷᠭᠠᠨ ᠬᠥᠮᠦᠵᠢᠯ
>
ᠮᠣᠩᠭᠤᠯ ᠬᠡᠯᠡ ᠪᠢᠴᠢᠭ ᠦ᠋ᠨ ᠰᠤᠳᠤᠯᠤᠯᠭᠠᠨ ᠤ᠋ ᠮᠠᠲ᠋ᠧᠷᠢᠶᠠᠯ ᠤ᠋ᠨ ᠡᠮᠬᠢᠳᠭᠡᠯ
>
ᠮᠣᠩᠭᠤᠯ ᠬᠡᠯᠡ ᠤᠳᠭ᠎ᠠ ᠵᠣᠬᠢᠶᠠᠯ ᠤ᠋ᠨ ᠰᠢᠨᠵᠢᠯᠡᠭᠡᠨ

ᠮᠣᠩᠭᠤᠯ ᠲᠥᠷᠦᠯ ᠬᠡᠯᠡᠨ ᠤ᠋ ᠦᠢᠯᠡᠳᠦᠭᠳᠡᠬᠦ ᠬᠡᠪ ᠦ᠋ᠨ ᠲᠤᠬᠠᠢ

ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠳᠤᠮᠳᠠᠳᠤ ᠤᠯᠤᠰ ᠤ᠋ᠨ ᠮᠣᠩᠭᠤᠯ ᠰᠤᠳᠤᠯᠤᠯ -> 201404
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2018/12/04
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠬᠠᠰᠭᠡᠷᠡᠯ
ᠵᠠᠩᠭᠢᠯᠠᠭ᠎ᠠ ᠦᠭᠡ᠄ ᠮᠣᠩᠭᠤᠯ ᠲᠥᠷᠦᠯ ᠬᠡᠯᠡ︔ ᠦᠢᠯᠡᠳᠦᠭᠳᠡᠬᠦ ᠬᠡᠪ︔ ᠬᠡᠯᠪᠡᠷᠢ︔ ᠤᠳᠭ᠎ᠠ
ᠰᠠᠭᠤᠷᠢ ᠮᠥᠩᠭᠦᠨ ᠤ᠋ ᠳᠡᠮᠵᠢᠯᠭᠡ᠄ ᠲᠤᠰ ᠥᠭᠦᠯᠡᠯ ᠪᠣᠯ ᠤᠯᠤᠰ ᠤ᠋ᠨ ᠨᠡᠢᠭᠡᠮ ᠦ᠋ᠨ ᠰᠢᠨᠵᠢᠯᠡᠬᠦ ᠤᠬᠠᠭᠠᠨ ᠤ᠋ ᠰᠠᠭᠤᠷᠢ ᠮᠥᠩᠭᠦᠨ ᠤ᠋ ᠰᠤᠳᠤᠯᠭᠠᠨ ᠤ᠋ ᠰᠡᠳᠦᠪ︽ᠪᠣᠣ ᠠᠨ ᠬᠡᠯᠡᠨ ᠤ᠋ ᠬᠡᠷᠡᠭᠯᠡᠭᠡᠨ ᠤ᠋ ᠣᠳᠣᠬᠢ ᠪᠠᠢᠳᠠᠯ ᠬᠢᠭᠡᠳ ᠬᠤᠪᠢᠷᠠᠯ ᠬᠥᠭᠵᠢᠯ ᠦ᠋ᠨ ᠰᠤᠳᠤᠯᠤᠯ︾︵ ᠵᠥᠪᠰᠢᠶᠡᠷᠡᠭᠰᠡᠨ ᠨᠣᠮᠧᠷ᠄11BYY101︶ ᠪᠠ ᠰᠤᠷᠭᠠᠨ ᠬᠥᠮᠦᠵᠢᠯ ᠦ᠋ᠨ ᠶᠠᠮᠤᠨ ᠤ᠋ ᠨᠡᠢᠭᠡᠮ ᠦ᠋ᠨ ᠰᠢᠨᠵᠢᠯᠡᠬᠦ ᠤᠬᠠᠭᠠᠨ ᠤ᠋ ᠭᠣᠣᠯᠳᠠᠯᠭᠠᠲᠤ ᠰᠠᠭᠤᠷᠢᠨ ᠭᠠᠵᠠᠷ ᠤ᠋ᠨ ᠴᠢᠬᠤᠯᠠ ᠶᠡᠬᠡ ᠰᠤᠳᠤᠯᠭᠠᠨ ᠤ᠋ ᠰᠡᠳᠦᠪ︽ ᠮᠣᠩᠭᠤᠯ ᠲᠥᠷᠦᠯ ᠬᠡᠯᠡᠨ ᠤ᠋ ᠬᠠᠷᠢᠴᠠᠭᠤᠯᠤᠭᠰᠠᠨ ᠰᠤᠳᠤᠯᠤᠯ︾︵ ᠵᠥᠪᠰᠢᠶᠡᠷᠡᠭᠰᠡᠨ ᠨᠣᠮᠧᠷ᠄11JJD740023︶ ᠤ᠋ᠨ ᠨᠢᠭᠡ ᠬᠡᠰᠡᠭ ᠪᠣᠯᠤᠨ᠎ᠠ᠃
ᠠᠭᠤᠯᠭ᠎ᠠ ᠶ᠋ᠢᠨ ᠲᠣᠪᠴᠢ᠄ ᠣᠳᠣ ᠦᠶ᠎ᠡ ᠶ᠋ᠢᠨ ᠮᠣᠩᠭᠤᠯ ᠲᠥᠷᠦᠯ ᠬᠡᠯᠡᠨ ᠤ᠋ ᠦᠢᠯᠡ ᠦᠭᠡ ᠶ᠋ᠢᠨ ᠦᠢᠯᠡᠳᠦᠭᠳᠡᠬᠦ ᠬᠡᠪ ᠦ᠋ᠨ ᠳᠠᠭᠠᠪᠤᠷᠢ ᠨᠢ ᠮᠣᠩᠭᠤᠯ ᠪᠢᠴᠢᠭ ᠦ᠋ᠨ ᠬᠡᠯᠡᠨ ᠤ᠋︽ ᠊ᠭᠳᠠ/ ᠊ᠭᠳᠡ︾᠂︽ ᠊ᠳᠠ︾ ᠲᠠᠢ ᠲᠣᠬᠢᠷᠠᠯᠴᠠᠬᠤ ᠬᠡᠯᠪᠡᠷᠢ ᠨᠦ᠍ᠭᠦᠳ ᠪᠣᠯᠤᠨ᠎ᠠ᠃ ᠮᠣᠩᠭᠤᠯ ᠲᠥᠷᠦᠯ ᠦ᠋ᠨ ᠬᠡᠯᠡᠨ ᠳ᠋ᠤ᠌ ᠦᠢᠯᠡᠳᠦᠭᠳᠡᠬᠦ ᠬᠡᠪ ᠦ᠋ᠨ ᠳᠠᠭᠠᠪᠤᠷᠢ ᠶ᠋ᠢ ᠭᠣᠣᠯᠳᠠᠭᠤ ᠲᠤᠰᠬᠤ ᠦᠢᠯᠡ ᠦᠨᠳᠦᠰᠦᠨ ᠤ᠋ ᠵᠠᠯᠭᠠᠳᠠᠭ ᠪᠥᠭᠡᠳ ᠡᠭᠦᠰᠦᠭᠰᠡᠨ ᠦᠢᠯᠡᠳᠦᠭᠳᠡᠬᠦ ᠬᠡᠪᠲᠦ ᠦᠢᠯᠡ ᠦᠨᠳᠦᠰᠦ ᠨᠢ ᠡᠰᠡ ᠲᠤᠰᠬᠤ ᠦᠢᠯᠡ ᠦᠭᠡ ᠪᠣᠯᠤᠨ᠎ᠠ᠃ ᠦᠢᠯᠡᠳᠦᠭᠳᠡᠬᠦ ᠬᠡᠪᠲᠦ ᠦᠢᠯᠡ ᠦᠭᠡ ᠨᠢ ᠪᠤᠰᠤᠳ ᠲᠤ᠌ ᠦᠢᠯᠡᠳᠦᠭᠳᠡᠬᠦ ᠤᠳᠭ᠎ᠠ ᠶ᠋ᠢ ᠢᠯᠡᠳᠭᠡᠬᠦ ᠡᠴᠡ ᠭᠠᠳᠠᠨ᠎ᠠ ᠪᠤᠰᠤᠳ ᠢ᠋ᠶ᠋ᠠᠷ ᠦᠢᠯᠡᠳᠦᠭᠦᠯᠬᠦ ᠬᠡᠪ ᠦ᠋ᠨ ᠤᠳᠭ᠎ᠠ᠂ ᠥᠪᠡᠷ ᠢ᠋ᠶ᠋ᠡᠨ ᠦᠢᠯᠡᠳᠬᠦ ᠬᠡᠪ ᠦ᠋ᠨ ᠤᠳᠭ᠎ᠠ᠂ ᠥᠪᠡᠷ ᠦ᠋ᠨ ᠡᠷᠬᠡ ᠦᠭᠡᠢ ᠪᠣᠯᠬᠤ ᠦᠢᠯᠡ ᠶ᠋ᠢ ᠵᠢᠭᠠᠭᠰᠠᠨ ᠤᠳᠭ᠎ᠠ ᠶ᠋ᠢ ᠢᠯᠡᠳᠭᠡᠨ᠎ᠡ᠃