ᠬᠤᠭᠤᠴᠠᠭᠠᠲᠦ ᠰᠡᠳᠭᠦᠯ
>
ᠮᠣᠩᠭᠤᠯ ᠬᠡᠯᠡ ᠪᠢᠴᠢᠭ
>
ᠪᠠᠷᠠᠭᠤᠨ ᠮᠣᠩᠭᠤᠯ ᠰᠤᠳᠤᠯᠤᠯ
>
ᠣᠢᠷᠠᠳ ᠰᠤᠳᠤᠯᠤᠯ
>
ᠥᠪᠦᠷ ᠮᠣᠩᠭᠤᠯ ᠤ᠋ᠨ ᠰᠤᠷᠭᠠᠨ ᠬᠥᠮᠦᠵᠢᠯ
>
ᠮᠣᠩᠭᠤᠯ ᠬᠡᠯᠡ ᠪᠢᠴᠢᠭ ᠦ᠋ᠨ ᠰᠤᠳᠤᠯᠤᠯᠭᠠᠨ ᠤ᠋ ᠮᠠᠲ᠋ᠧᠷᠢᠶᠠᠯ ᠤ᠋ᠨ ᠡᠮᠬᠢᠳᠭᠡᠯ
>
ᠮᠣᠩᠭᠤᠯ ᠬᠡᠯᠡ ᠤᠳᠭ᠎ᠠ ᠵᠣᠬᠢᠶᠠᠯ ᠤ᠋ᠨ ᠰᠢᠨᠵᠢᠯᠡᠭᠡᠨ

︽ᠪᠠᠶᠠᠨᠬᠤᠸᠠ︾ ᠭᠡᠬᠦ ᠭᠠᠵᠠᠷ ᠤ᠋ᠨ ᠨᠡᠷ᠎ᠡ ᠪᠠ ᠲᠡᠭᠦᠨ ᠳ᠋ᠤ᠌ ᠬᠣᠯᠪᠤᠭᠳᠠᠬᠤ ᠵᠠᠷᠢᠮ ᠠᠰᠠᠭᠤᠳᠠᠯ ᠢ᠋ ᠰᠢᠨᠵᠢᠯᠡᠬᠦ ᠨᠢ

ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠳᠤᠮᠳᠠᠳᠤ ᠤᠯᠤᠰ ᠤ᠋ᠨ ᠮᠣᠩᠭᠤᠯ ᠰᠤᠳᠤᠯᠤᠯ -> 201404
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2018/12/04
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠣᠶᠤᠨᠳᠠᠯᠠᠢ
ᠵᠠᠩᠭᠢᠯᠠᠭ᠎ᠠ ᠦᠭᠡ᠄ ︽ ᠪᠠᠶᠠᠨᠬᠤᠸᠠ︾᠂ ᠭᠠᠵᠠᠷ ᠤ᠋ᠨ ᠨᠡᠷ᠎ᠡ᠂ ᠢᠷᠡᠯᠲᠡ᠂ ᠤᠯᠠᠷᠢᠯ ᠬᠤᠪᠢᠷᠠᠯᠲᠠ
ᠰᠠᠭᠤᠷᠢ ᠮᠥᠩᠭᠦᠨ ᠤ᠋ ᠳᠡᠮᠵᠢᠯᠭᠡ᠄ ᠲᠤᠰ ᠥᠭᠦᠯᠡᠯ ᠪᠣᠯ ᠥᠪᠦᠷ ᠮᠣᠩᠭᠤᠯ ᠤ᠋ᠨ ᠦᠨᠳᠦᠰᠦᠲᠡᠨ ᠤ᠋ ᠶᠡᠬᠡ ᠰᠤᠷᠭᠠᠭᠤᠯᠢ ᠶ᠋ᠢᠨ ᠰᠠᠭᠤᠷᠢ ᠮᠥᠩᠭᠦᠨ ᠤ᠋ ᠲᠥᠰᠦᠯ︵ ᠵᠥᠪᠰᠢᠶᠡᠷᠡᠭᠰᠡᠨ ᠳ᠋ᠤᠭᠠᠷ᠄NMD1354︶ ᠤ᠋ᠨ ᠱᠠᠲᠤᠴᠢ ᠴᠢᠨᠠᠷ ᠲᠠᠢ ᠪᠦᠲᠦᠭᠡᠯ ᠪᠣᠯᠤᠨ᠎ᠠ᠃
ᠠᠭᠤᠯᠭ᠎ᠠ ᠶ᠋ᠢᠨ ᠲᠣᠪᠴᠢ᠄ ︽ᠪᠠᠶᠠᠨᠬᠤᠸᠠ︾ ᠭᠡᠬᠦ ᠦᠭᠡ ᠶ᠋ᠢᠨ ᠤᠳᠭ᠎ᠠ ᠶ᠋ᠢᠨ ᠬᠤᠪᠢ ᠳ᠋ᠤ᠌ ᠲᠤᠰ ᠦᠭᠡ ᠨᠢ ᠶᠡᠬᠡ ᠡᠷᠲᠡᠨ ᠡᠴᠡ ᠮᠣᠩᠭᠤᠯᠴᠤᠳ ᠤ᠋ᠨ ᠳᠤᠮᠳᠠ ᠶᠠᠷᠢᠭᠳᠠᠵᠤ ᠬᠡᠯᠡᠭᠳᠡᠵᠦ ᠢᠷᠡᠭᠰᠡᠨ ᠦᠭᠡ ᠪᠠᠢᠵᠤ᠂ ᠤᠤᠯ ᠤᠳᠭ᠎ᠠ ᠨᠢ ᠪᠡᠯᠴᠢᠭᠡᠷ ᠤᠰᠤ ᠰᠠᠢᠲᠠᠢ᠂ ᠠᠩ ᠭᠥᠷᠦᠭᠡ ᠡᠯᠪᠡᠭ᠂ ᠠᠳᠤᠭᠤ ᠮᠠᠯ ᠦᠷᠡᠵᠢᠯ ᠰᠠᠢᠲᠠᠢ᠂ ᠭᠦᠳᠦᠭᠡᠷ ᠵᠣ᠋ ᠭᠠᠵᠠᠷ ᠢ᠋ ᠨᠡᠷᠡᠯᠡᠵᠦ ᠪᠠᠢᠵᠠᠢ᠃ ᠭᠡᠪᠡᠴᠦ ᠨᠡᠢᠭᠡᠮ ᠲᠡᠦᠬᠡ ᠶ᠋ᠢᠨ ᠡᠯ᠎ᠡ ᠲᠠᠯ᠎ᠠ ᠶ᠋ᠢᠨ ᠰᠢᠯᠲᠠᠭᠠᠨ ᠠ᠋ᠴᠠ ᠪᠣᠯᠵᠤ ᠤᠤᠯ ᠤ᠋ᠨ ᠦᠨᠳᠦᠰᠦᠨ ᠤᠳᠭ᠎ᠠ ᠶ᠋ᠢᠨ ᠢ᠋ᠶ᠋ᠠᠨ ᠳᠡᠭᠡᠷ᠎ᠡ᠂ ᠡᠳ᠋ ᠪᠣᠳᠠᠰ ᠤ᠋ᠨ ᠲᠠᠯ᠎ᠠ ᠳ᠋ᠤ᠌ ᠪᠠᠶᠠᠨ ᠴᠢᠨᠡᠭᠡᠯᠢᠭ ᠪᠣᠯᠬᠤ ᠶ᠋ᠢ ᠬᠦᠰᠡᠨ ᠡᠷᠡᠮᠡᠯᠵᠡᠯᠡᠭᠰᠡᠨ ᠪᠡᠯᠭᠡᠳᠡᠯ ᠰᠠᠨᠠᠭ᠎ᠠ ᠲᠠᠢ ᠪᠣᠯᠤᠭᠰᠠᠨ ᠪᠠᠢᠨ᠎ᠠ᠃ ᠨᠡᠩ ᠰᠡᠭᠦᠯᠴᠢ ᠶ᠋ᠢᠨ ᠦᠶ᠎ᠡ ᠪᠣᠯᠤᠭᠠᠳ︽ ᠪᠠᠶᠠᠨᠬᠤᠸᠠ︾ ᠭᠡᠬᠦ ᠦᠭᠡ ᠶ᠋ᠢᠨ ᠤᠳᠭ᠎ᠠ ᠬᠢᠭᠡᠳ ᠰᠠᠨᠠᠭ᠎ᠠ ᠨᠢ ᠲᠤᠬᠠᠢ ᠶ᠋ᠢᠨ ᠪᠠᠢᠭᠠᠯᠢ ᠨᠡᠢᠭᠡᠮ ᠦ᠋ᠨ ᠠᠬᠤᠢ ᠪᠠᠨ ᠲᠤᠰᠭᠠᠵᠤ ᠴᠢᠳᠠᠬᠤ ᠦᠭᠡᠢ ᠪᠤᠳᠤᠯᠢᠶᠠᠨᠲᠠᠢ ᠲᠡᠦᠬᠡᠨ ᠨᠡᠷᠡᠢᠳᠦᠯ ᠪᠣᠯᠤᠨ ᠬᠤᠪᠢᠷᠠᠵᠤ ᠪᠠᠢᠨ᠎ᠠ᠃