ᠬᠤᠭᠤᠴᠠᠭᠠᠲᠦ ᠰᠡᠳᠭᠦᠯ
>
ᠮᠣᠩᠭᠤᠯ ᠬᠡᠯᠡ ᠪᠢᠴᠢᠭ
>
ᠪᠠᠷᠠᠭᠤᠨ ᠮᠣᠩᠭᠤᠯ ᠰᠤᠳᠤᠯᠤᠯ
>
ᠣᠢᠷᠠᠳ ᠰᠤᠳᠤᠯᠤᠯ
>
ᠥᠪᠦᠷ ᠮᠣᠩᠭᠤᠯ ᠤ᠋ᠨ ᠰᠤᠷᠭᠠᠨ ᠬᠥᠮᠦᠵᠢᠯ
>
ᠮᠣᠩᠭᠤᠯ ᠬᠡᠯᠡ ᠪᠢᠴᠢᠭ ᠦ᠋ᠨ ᠰᠤᠳᠤᠯᠤᠯᠭᠠᠨ ᠤ᠋ ᠮᠠᠲ᠋ᠧᠷᠢᠶᠠᠯ ᠤ᠋ᠨ ᠡᠮᠬᠢᠳᠭᠡᠯ
>
ᠮᠣᠩᠭᠤᠯ ᠬᠡᠯᠡ ᠤᠳᠭ᠎ᠠ ᠵᠣᠬᠢᠶᠠᠯ ᠤ᠋ᠨ ᠰᠢᠨᠵᠢᠯᠡᠭᠡᠨ

ᠯᠣᠪᠠᠰᠠᠩᠳᠠᠨᠵᠢᠨ ᠤᠨ︽ ᠠᠯᠲᠠᠨ ᠲᠣᠪᠴᠢ︾ ᠳᠠᠬᠢ ᠦᠰᠦᠭ ᠦᠨ ᠳᠦᠷᠰᠦ ᠵᠢᠷᠤᠯᠭ᠎ᠠ ᠶᠢ ᠰᠢᠨᠵᠢᠯᠡᠬᠦ ᠨᠢ

ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠳᠤᠮᠳᠠᠳᠤ ᠤᠯᠤᠰ ᠤ᠋ᠨ ᠮᠣᠩᠭᠤᠯ ᠰᠤᠳᠤᠯᠤᠯ -> 201803
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2019/03/19
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠬᠠᠢ ᠰᠢᠶᠠ
ᠵᠠᠩᠭᠢᠯᠠᠭ᠎ᠠ ᠦᠭᠡ᠄ ︽ ᠮᠣᠩᠭᠤᠯ ᠤᠨ ᠨᠢᠭᠤᠴᠠ ᠲᠣᠪᠴᠢᠶᠠᠨ︾᠂ ᠯᠣᠪᠰᠠᠩᠳᠠᠨᠵᠢᠨ ᠤ ᠠᠯᠲᠠᠨ ᠲᠣᠪᠴᠢ︾᠂ ᠲᠣᠬᠢᠷᠠᠯᠴᠠᠬᠤ ᠬᠡᠰᠡᠭ᠂ ᠦᠰᠦᠭ ᠦᠨ ᠳᠦᠷᠰᠦ ᠵᠢᠷᠤᠯᠭ᠎ᠠ
ᠰᠠᠭᠤᠷᠢ ᠮᠥᠩᠭᠦᠨ ᠤ᠋ ᠳᠡᠮᠵᠢᠯᠭᠡ᠄ ᠲᠤᠰ ᠥᠭᠦᠯᠡᠯ ᠪᠣᠯ ᠥᠪᠦᠷ ᠮᠣᠩᠭᠤᠯ ᠤᠨ ᠨᠡᠢᠭᠡᠮ ᠦᠨ ᠰᠢᠨᠵᠢᠯᠡᠬᠦ ᠤᠬᠠᠭᠠᠨ ᠤ ᠲᠥᠯᠦᠪᠵᠢᠭᠦᠯᠭᠡ ᠶᠢᠨ ᠰᠠᠭᠤᠷᠢ ᠮᠥᠩᠭᠦᠨ ᠤ ᠲᠥᠰᠦᠯ︽ ᠯᠣᠪᠰᠠᠩᠳᠠᠨᠵᠢᠨ ᠤ︿ ᠠᠯᠲᠠᠨ ᠲᠣᠪᠴᠢ﹀ ᠶᠢᠨ ᠬᠡᠯᠡᠨ ᠤ ᠰᠤᠳᠤᠯᠤᠯ︾︵ ᠵᠥᠪᠰᠢᠶᠡᠷᠡᠭᠳᠡᠭᠰᠡᠨ ᠳ᠋ᠤᠭᠠᠷ᠄ 2017NDB107︶ ᠤᠨ ᠱᠠᠲᠤᠴᠢ ᠴᠢᠨᠠᠷ ᠲᠠᠢ ᠪᠦᠲᠦᠭᠡᠯ ᠦᠨ ᠨᠢᠭᠡ ᠪᠣᠯᠤᠨ᠎ᠠ᠃
ᠠᠭᠤᠯᠭ᠎ᠠ ᠶ᠋ᠢᠨ ᠲᠣᠪᠴᠢ᠄ ︽ ᠮᠣᠩᠭᠤᠯ ᠤᠨ ᠨᠢᠭᠤᠴᠠ ᠲᠣᠪᠴᠢᠶᠠᠨ︾ ᠪᠠ ᠯᠣᠪᠰᠠᠩᠳᠠᠨᠵᠢᠨ ᠦ︽ ᠠᠯᠲᠠᠨ ᠲᠣᠪᠴᠢ︾ ᠲᠣᠬᠢᠷᠠᠯᠴᠠᠬᠤ ᠬᠡᠰᠡᠭ  ᠲᠦ ᠦᠰᠦᠭ  ᠦᠨ ᠳᠦᠷᠰᠦ ᠲᠡᠮᠳᠡᠭ  ᠦᠨ ᠡᠨᠳᠡᠭᠦᠷᠡᠯ ᠡᠴᠡ ᠪᠣᠯᠤᠭᠰᠠᠨ ᠵᠥᠷᠢᠶ᠎ᠡ ᠪᠥᠬᠦᠢ ᠳ᠋ᠠᠩ ᠦᠭᠡᠰ ᠣᠯᠠᠨ ᠪᠣᠢ᠃ ᠡᠨᠡ  ᠨᠢ ᠠᠳᠠᠯᠢ ᠪᠤᠰᠤ ᠴᠠᠭ ᠦᠶ᠎ᠡ ᠶᠢᠨ ᠬᠡᠯᠡᠨ ᠦ ᠣᠨᠴᠠᠯᠢᠭ ᠢ ᠬᠠᠷᠠᠭᠤᠯᠵᠤ ᠪᠠᠢᠬᠤ ᠠᠴᠠ ᠭᠠᠳᠠᠨ᠎ᠠ ᠤᠢᠭᠤᠷᠵᠢᠨ ᠮᠣᠩᠭᠤᠯ ᠦᠰᠦᠭ ᠦᠨ ᠪᠢᠴᠢᠯᠭᠡ ᠵᠢᠷᠤᠯᠭ᠎ᠠ ᠶᠢ ᠨᠢ ᠵᠣᠷᠢᠯᠭ᠎ᠠ ᠲᠠᠢ ᠰᠣᠯᠢᠵᠤ ᠪᠢᠴᠢᠭᠰᠡᠨ ᠡᠴᠡ ᠪᠣᠯᠤᠭᠰᠠᠨ ᠶᠤᠮ᠃ ᠡᠳᠡᠭᠡᠷ ᠪᠠᠷᠢᠮᠲᠠ ᠶᠢ ᠦᠨᠳᠦᠰᠦᠯᠡᠪᠡᠯ ᠯᠣᠪᠰᠠᠩᠳᠠᠨᠵᠢᠨ ᠪᠤᠶᠤ︽ ᠠᠯᠲᠠᠨ ᠲᠣᠪᠴᠢ︾ ᠶᠢ ᠪᠢᠴᠢᠭ᠍ᠴᠢ ᠨᠢ ᠤᠢᠭᠤᠷᠵᠢᠨ ᠮᠣᠩᠭᠤᠯ ᠦᠰᠦᠭ ᠢᠶᠡᠷ ᠪᠢᠴᠢᠭᠳᠡᠰᠡᠨ ᠨᠡᠩ ᠡᠷᠲᠡᠨ ᠦ︽ ᠮᠣᠩᠭᠤᠯ ᠤᠨ ᠨᠢᠭᠤᠴᠠ ᠲᠣᠪᠴᠢᠶᠠᠨ︾ ᠢ ᠠᠰᠢᠭᠯᠠᠵᠤ ᠪᠠᠢᠭᠰᠠᠨ ᠨᠢ ᠪᠠᠲᠤᠲᠠᠢ᠃