︽ᠮᠣᠩᠭᠤᠯ ᠤᠨ ᠨᠢᠭᠤᠴᠠ ᠲᠣᠪᠴᠢᠶᠠᠨ︾ ᠳᠦ ᠢᠯᠡᠷᠡᠭᠰᠡᠨ ᠵᠠᠷᠢᠮ ᠡᠳ᠋ ᠬᠡᠷᠡᠭᠰᠡᠯ ᠦᠨ ᠨᠡᠷ᠎ᠡ ᠶᠢ ᠰᠢᠨᠵᠢᠯᠡᠬᠦ ᠨᠢ
ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠳᠤᠮᠳᠠᠳᠤ ᠤᠯᠤᠰ ᠤ᠋ᠨ ᠮᠣᠩᠭᠤᠯ ᠰᠤᠳᠤᠯᠤᠯ -> 201804
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2019/03/19
ᠦᠵᠡᠭᠰᠡᠨ ᠤᠳᠠᠭ᠎ᠠ: 1ᠤᠳᠠᠭ᠎ᠠ
ᠵᠣᠬᠢᠶᠠᠭᠴᠢ᠄ ᠠᠯᠢᠮ᠎ᠠ
ᠵᠠᠩᠭᠢᠯᠠᠭ᠎ᠠ ᠦᠭᠡ᠄ ︽ ᠮᠣᠩᠭᠤᠯ ᠤᠨ ᠨᠢᠭᠤᠴᠠ ᠲᠣᠪᠴᠢᠶᠠᠨ︾᠂ ᠡᠳ᠋ ᠬᠡᠷᠡᠭᠰᠡᠯ ᠦᠨ ᠨᠡᠷ᠎ᠡ᠂ ᠦᠯᠵᠢᠭᠡ᠂ ᠬᠠᠷᠠᠭᠤ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ︽ᠮᠣᠩᠭᠤᠯ ᠤᠨ ᠨᠢᠭᠤᠴᠠ ᠲᠣᠪᠴᠢᠶᠠᠨ︾ ᠳᠤ ᠡᠳ᠋ ᠬᠡᠷᠡᠭᠰᠡᠯ ᠦᠨ ᠨᠡᠷ᠎ᠡ ᠣᠯᠠᠨ ᠢᠯᠡᠷᠡᠭᠰᠡᠨ ᠪᠠᠢᠳᠠᠭ᠃ ᠡᠷᠳᠡᠮᠲᠡᠳ ᠦᠨ ᠰᠤᠳᠤᠯᠭᠠᠨ ᠢ ᠦᠨᠳᠦᠰᠦᠯᠡᠪᠡᠯ᠂ ᠬᠠᠭᠤᠴᠢᠨ ᠦᠭᠡ ᠳᠦ ᠰᠢᠨ᠎ᠡ ᠤᠳᠬ᠎ᠠ ᠣᠷᠤᠭᠤᠯᠬᠤ᠂ ᠬᠠᠭᠤᠴᠢᠨ ᠦᠭᠡᠡ ᠶᠢ ᠰᠡᠷᠭᠦᠭᠡᠵᠦ ᠬᠡᠷᠡᠭᠯᠡᠬᠦ᠂ ᠨᠤᠲᠤᠭ ᠤᠨ ᠠᠶᠠᠯᠭᠤᠨ ᠤ ᠦᠭᠡ ᠶᠢ ᠰᠣᠩᠭᠤᠵᠤ ᠬᠡᠷᠡᠭᠯᠡᠬᠦ ᠵᠡᠷᠭᠡ ᠨᠢ ᠬᠡᠯᠡᠨ ᠦ ᠬᠥᠭᠵᠢᠯᠲᠡ ᠳᠦ ᠠᠰᠢᠭ ᠲᠠᠢ ᠪᠠᠷ ᠦᠯᠦ ᠪᠠᠷᠠᠨ ᠡᠬᠡ ᠬᠡᠯᠡᠨ ᠦ ᠦᠭᠡᠰ ᠦᠨ ᠰᠠᠩ ᠤᠨ ᠪᠠᠶᠠᠯᠢᠭᠵᠢᠯ ᠳᠤ ᠨᠠᠮᠤᠷ ᠣᠷᠤᠭᠤᠯᠵᠤ ᠴᠢᠳᠠᠨ᠎ᠠ᠃︽ ᠮᠣᠩᠭᠤᠯ ᠤᠨ ᠨᠢᠭᠤᠴᠠ ᠲᠣᠪᠴᠢᠶᠠᠨ︾ ᠳᠤ ᠢᠯᠡᠷᠡᠭᠰᠡᠨ︽ ᠥᠯᠵᠢᠭᠡ᠂ ᠬᠠᠷᠠᠭᠤ᠂ ᠭᠢᠯᠢᠬᠦ᠂ ᠪᠠᠷᠢᠶᠠᠰ᠂ ᠪᠣᠬᠠᠭᠤ᠂ ᠰᠦᠮᠡᠰ᠂ ᠳᠣᠯᠤᠭ︾ ᠵᠡᠷᠭᠡ ᠦᠭᠡᠰ ᠢ ᠡᠮᠦᠨ᠎ᠡ ᠳᠤᠷᠠᠳᠤᠭᠰᠠᠨ ᠬᠡᠳᠦᠨ ᠠᠷᠭ᠎ᠠ ᠵᠠᠮ ᠤᠨ ᠳᠠᠭᠤ ᠣᠷᠴᠢᠨ ᠴᠠᠭ ᠤᠨ ᠮᠣᠩᠭᠤᠯ ᠬᠡᠯᠡᠨ ᠳᠦ ᠠᠰᠢᠭᠯᠠᠵᠤ ᠪᠣᠯᠤᠨ᠎ᠠ᠃︽ ᠭᠢᠯᠢᠬᠦ᠂ ᠪᠣᠬᠠᠭᠤ︾ ᠵᠡᠷᠭᠡ ᠦᠭᠡᠰ ᠨᠢ ᠠᠪᠢᠶᠠᠨ ᠤ ᠬᠤᠪᠢᠷᠠᠯᠲᠠ ᠡᠭᠦᠰᠦᠭᠡᠳ ᠣᠨᠳᠣᠣ ᠦᠭᠡ ᠪᠣᠯᠤᠭᠰᠠᠨ ᠪᠠᠢᠨ᠎ᠠ᠃