ᠬᠤᠭᠤᠴᠠᠭᠠᠲᠦ ᠰᠡᠳᠭᠦᠯ
>
ᠮᠣᠩᠭᠤᠯ ᠬᠡᠯᠡ ᠪᠢᠴᠢᠭ
>
ᠪᠠᠷᠠᠭᠤᠨ ᠮᠣᠩᠭᠤᠯ ᠰᠤᠳᠤᠯᠤᠯ
>
ᠣᠢᠷᠠᠳ ᠰᠤᠳᠤᠯᠤᠯ
>
ᠥᠪᠦᠷ ᠮᠣᠩᠭᠤᠯ ᠤ᠋ᠨ ᠰᠤᠷᠭᠠᠨ ᠬᠥᠮᠦᠵᠢᠯ
>
ᠮᠣᠩᠭᠤᠯ ᠬᠡᠯᠡ ᠪᠢᠴᠢᠭ ᠦ᠋ᠨ ᠰᠤᠳᠤᠯᠤᠯᠭᠠᠨ ᠤ᠋ ᠮᠠᠲ᠋ᠧᠷᠢᠶᠠᠯ ᠤ᠋ᠨ ᠡᠮᠬᠢᠳᠭᠡᠯ
>
ᠮᠣᠩᠭᠤᠯ ᠬᠡᠯᠡ ᠤᠳᠭ᠎ᠠ ᠵᠣᠬᠢᠶᠠᠯ ᠤ᠋ᠨ ᠰᠢᠨᠵᠢᠯᠡᠭᠡᠨ

ᠶᠠᠫᠣᠨ ᠪᠠ ᠮᠣᠩᠭᠤᠯ ᠬᠣᠶᠠᠷ ᠬᠡᠯᠡᠨ ᠤ ᠠᠪᠢᠶᠠᠨ ᠤ ᠨᠢᠭᠡᠴᠢ ᠶᠢᠨ ᠲᠡᠭᠦᠪᠦᠷᠢ ᠠᠪᠢᠶᠠᠨ ᠤ ᠭᠣᠣᠯᠯᠠᠬᠤ ᠣᠨᠴᠠᠯᠢᠭ ᠬᠢᠭᠡᠳ ᠦᠢᠯᠡᠳᠦᠯ

ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠳᠤᠮᠳᠠᠳᠤ ᠤᠯᠤᠰ ᠤ᠋ᠨ ᠮᠣᠩᠭᠤᠯ ᠰᠤᠳᠤᠯᠤᠯ -> 201502
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2019/03/18
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠬᠠᠰᠤᠨᠲᠤᠶᠠᠭ᠎ᠠ
ᠵᠠᠩᠭᠢᠯᠠᠭ᠎ᠠ ᠦᠭᠡ᠄ ᠶᠠᠫᠤᠨ ᠬᠡᠯᠡ᠂ ᠮᠣᠩᠭᠤᠯ ᠬᠡᠯᠡ᠂ ᠠᠪᠢᠶᠠᠨ ᠤ ᠨᠢᠭᠡᠴᠢ᠂ ᠲᠡᠭᠦᠰᠪᠦᠷᠢ ᠠᠪᠢᠶ᠎ᠠ᠂ ᠣᠨᠴᠠᠯᠢᠭ ᠦᠢᠯᠡᠳᠦᠯ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠳᠡᠯᠡᠬᠡᠢ ᠶᠢᠨ ᠡᠯ᠎ᠡ ᠦᠨᠳᠦᠰᠦᠲᠡᠨ ᠦ ᠬᠡᠯᠡᠨ  ᠦ ᠠᠪᠢᠶᠠᠨ ᠤ ᠨᠢᠭᠡᠴᠢ ᠶᠢᠨ ᠪᠦᠲᠦᠴᠡ ᠨᠢ ᠴᠥᠮ ᠥᠪᠡᠷ ᠥᠪᠡᠷ ᠦᠨ ᠣᠨᠴᠠᠯᠢᠭ ᠲᠠᠢ᠃ ᠮᠣᠩᠭᠤᠯ ᠬᠡᠯᠡᠨ ᠦ ᠦᠭᠡ ᠶᠢᠨ ᠦᠶ᠎ᠡ ᠪᠣᠯ ᠡᠭᠡᠰᠢᠭ ᠪᠠ ᠭᠡᠢᠭᠦᠯᠦᠭᠴᠢ ᠶᠢᠨ ᠠᠯᠢ  ᠪᠠᠷ  ᠴᠤ ᠲᠡᠭᠦᠰᠴᠦ ᠪᠣᠯᠳᠠᠭ᠃ ᠬᠢᠲᠠᠳ ᠬᠡᠯᠡᠨ ᠦ ᠨᠡᠢᠲᠡᠯᠢᠭ ᠬᠡᠯᠡᠨ ᠦ ᠦᠶ᠎ᠡ ᠶᠢᠨ ᠪᠦᠲᠦᠴᠡ ᠨᠢ ᠵᠠᠳᠠᠭᠠᠢ ᠦᠶ᠎ᠡ ᠣᠯᠠᠩᠬᠢ ᠲᠣᠭ᠎ᠠ ᠶᠢ ᠡᠵᠡᠯᠡᠵᠦ᠂ ᠪᠢᠲᠡᠭᠦᠦ ᠦᠶ᠎ᠡ ᠨᠢ ᠬᠠᠷᠢᠨ ᠴᠦ᠋ᠬᠡᠨ ᠬᠡᠳᠦᠨ ᠵᠦᠢᠯ ᠪᠠᠢᠳᠠᠭ᠃ ᠣᠷᠤᠰ ᠬᠡᠯᠡ ᠪᠠ ᠠᠩᠭ᠍ᠯᠢ ᠬᠡᠯᠡᠨ ᠦ ᠦᠶ᠎ᠡ ᠶᠢᠨ ᠪᠦᠲᠦᠴᠡ ᠨᠢ ᠨᠡᠯᠢᠶᠡᠳ ᠪᠤᠳᠤᠯᠢᠶᠠᠨ ᠲᠠᠢ ᠪᠠᠢᠵᠤ᠂ ᠵᠠᠳᠠᠭᠠᠢ ᠦᠶ᠎ᠡ ᠪᠠ ᠪᠢᠲᠡᠭᠦᠦ ᠦᠶ᠎ᠡ ᠨᠢ ᠨᠢᠭᠡ ᠯᠡ ᠠᠳᠠᠯᠢ ᠪᠠᠷ ᠣᠯᠠᠨ ᠲᠣᠬᠢᠶᠠᠯᠳᠤᠬᠤ ᠪᠠᠷ ᠦᠯᠦ ᠪᠠᠷᠠᠨ᠂ ᠠᠳᠠᠯᠢ ᠪᠤᠰᠤ ᠲᠥᠷᠦᠯ ᠦᠨ ᠭᠡᠢᠭᠦᠯᠦᠭᠴᠢ ᠨᠢ  ᠴᠦ ᠦᠶ᠎ᠡ ᠶᠢᠨ ᠳᠣᠲᠤᠷ᠎ᠠ ᠬᠠᠮᠲᠤ ᠬᠣᠯᠪᠤᠯᠳᠤᠨ ᠣᠷᠤᠵᠤ ᠪᠣᠯᠤᠨ᠎ᠠ᠃ ᠶᠠᠫᠤᠨ ᠬᠡᠯᠡᠨ ᠦ ᠦᠶ᠎ᠡ ᠶᠢᠨ ᠪᠦᠲᠦᠴᠡ ᠳᠦ ᠵᠠᠳᠠᠭᠠᠢ ᠦᠶ᠎ᠡ ᠳᠡᠢᠯᠦᠩᠭᠦᠢ ᠬᠤᠪᠢ ᠶᠢ ᠡᠵᠡᠯᠡᠵᠦ᠂ ᠪᠢᠲᠡᠭᠦᠦ ᠦᠶ᠎ᠡ ᠨᠢ ᠵᠥᠪᠬᠡᠨ ᠴᠥᠭᠡᠪᠲᠦᠷ ᠬᠡᠳᠦᠬᠡᠨ ᠵᠦᠢᠯ ᠪᠠᠢᠳᠠᠭ ᠶᠤᠮ᠃ ᠥᠭᠦᠯᠡᠯ ᠳᠦ᠂ ᠶᠠᠫᠤᠨ ᠪᠠ ᠮᠣᠩᠭᠤᠯ ᠬᠣᠶᠠᠷ ᠬᠡᠯᠡᠨ ᠦ ᠠᠪᠢᠶᠠᠨ ᠤ ᠨᠢᠭᠡᠴᠢ ᠶᠢᠨ ᠲᠡᠭᠦᠰᠪᠦᠷᠢ ᠠᠪᠢᠶᠠᠨ ᠤ ᠣᠨᠴᠠᠯᠢᠭ ᠢ ᠬᠠᠷᠢᠴᠠᠭᠤᠯᠤᠨ ᠰᠢᠨᠵᠢᠯᠡᠵᠦ᠂ ᠡᠨᠡ  ᠬᠦ ᠣᠨᠴᠠᠯᠢᠭ ᠠᠴᠠ ᠪᠣᠯᠤᠭᠰᠠᠨ ᠲᠤᠰ ᠪᠦᠷᠢ ᠶᠢᠨ ᠬᠡᠯᠡ ᠳ᠋ᠡᠭᠡᠨ ᠦᠵᠡᠭᠦᠯᠬᠦ ᠭᠣᠣᠯᠯᠠᠬᠤ ᠦᠢᠯᠡᠳᠦᠯ ᠢ ᠭᠤᠸ᠎ᠠ ᠰᠣᠨᠢᠷᠬᠠᠯ ᠤᠨ ᠦᠢᠯᠡᠳᠦᠯ᠂ ᠬᠠᠷᠢ ᠬᠡᠯᠡ  ᠶᠢ ᠠᠪᠢᠶᠠᠯᠠᠬᠤ ᠳᠤ ᠦᠵᠡᠭᠦᠯᠬᠦ ᠦᠢᠯᠡᠳᠦᠯ ᠬᠡᠮᠡᠬᠦ ᠬᠣᠶᠠᠷ ᠲᠠᠯ᠎ᠠ ᠠᠴᠠ ᠳᠥᠭᠦᠮ ᠥᠭᠦᠯᠡᠵᠡᠢ᠃