ᠬᠤᠭᠤᠴᠠᠭᠠᠲᠦ ᠰᠡᠳᠭᠦᠯ
>
ᠮᠣᠩᠭᠤᠯ ᠬᠡᠯᠡ ᠪᠢᠴᠢᠭ
>
ᠪᠠᠷᠠᠭᠤᠨ ᠮᠣᠩᠭᠤᠯ ᠰᠤᠳᠤᠯᠤᠯ
>
ᠣᠢᠷᠠᠳ ᠰᠤᠳᠤᠯᠤᠯ
>
ᠥᠪᠦᠷ ᠮᠣᠩᠭᠤᠯ ᠤ᠋ᠨ ᠰᠤᠷᠭᠠᠨ ᠬᠥᠮᠦᠵᠢᠯ
>
ᠮᠣᠩᠭᠤᠯ ᠬᠡᠯᠡ ᠪᠢᠴᠢᠭ ᠦ᠋ᠨ ᠰᠤᠳᠤᠯᠤᠯᠭᠠᠨ ᠤ᠋ ᠮᠠᠲ᠋ᠧᠷᠢᠶᠠᠯ ᠤ᠋ᠨ ᠡᠮᠬᠢᠳᠭᠡᠯ
>
ᠮᠣᠩᠭᠤᠯ ᠬᠡᠯᠡ ᠤᠳᠭ᠎ᠠ ᠵᠣᠬᠢᠶᠠᠯ ᠤ᠋ᠨ ᠰᠢᠨᠵᠢᠯᠡᠭᠡᠨ

ᠮᠣᠩᠭᠤᠯ ᠬᠡᠯᠡᠨ ᠦ︽ ᠴᠠᠭ ᠬᠤᠭᠤᠴᠠᠭᠠᠨ ᠤ ᠬᠡᠮᠵᠢᠭᠦᠷ ᠦᠭᠡ︾ ᠶᠢᠨ ᠰᠤᠳᠤᠯᠤᠯ

ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠳᠤᠮᠳᠠᠳᠤ ᠤᠯᠤᠰ ᠤ᠋ᠨ ᠮᠣᠩᠭᠤᠯ ᠰᠤᠳᠤᠯᠤᠯ -> 201504
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2019/03/18
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠪᠤᠶᠠᠨᠨᠡᠮᠡᠬᠦ
ᠵᠠᠩᠭᠢᠯᠠᠭ᠎ᠠ ᠦᠭᠡ᠄ ᠮᠣᠩᠭᠤᠯ ᠬᠡᠯᠡ᠂ ᠴᠠᠭ ᠬᠤᠭᠤᠴᠠᠭᠠᠨ ᠤ ᠬᠡᠮᠵᠢᠭᠦᠷ ᠦᠭᠡ᠂ ᠤᠶᠠᠯᠳᠤᠯ
ᠰᠠᠭᠤᠷᠢ ᠮᠥᠩᠭᠦᠨ ᠤ᠋ ᠳᠡᠮᠵᠢᠯᠭᠡ᠄ ᠲᠤᠰ ᠥᠭᠦᠯᠡᠯ ᠪᠣᠯ ᠤᠯᠤᠰ ᠤᠨ ᠨᠡᠢᠭᠡᠮ ᠦᠨ ᠰᠢᠨᠵᠢᠯᠡᠬᠦ ᠤᠬᠠᠭᠠᠨ ᠤ ᠰᠠᠭᠤᠷᠢ ᠮᠥᠩᠭᠦᠨ ᠤ ᠰᠡᠳᠦᠪ︽ ᠮᠣᠩᠭᠤᠯ ᠬᠡᠯᠡᠨ ᠤ ᠲᠣᠭ᠎ᠠ ᠬᠡᠮᠵᠢᠭᠦᠷ ᠦᠭᠡ ᠪᠠ ᠨᠡᠷ᠎ᠡ ᠦᠭᠡ ᠶᠢᠨ ᠤᠳᠭ᠎ᠠ ᠶᠢᠨ ᠤᠶᠠᠯᠳᠤᠭᠠᠨ ᠤ ᠰᠤᠳᠤᠯᠤᠯ︾︵ ᠵᠥᠪᠰᠢᠶᠡᠷᠡᠭᠰᠡᠨ ᠨᠣᠮᠧᠷ᠄12XYY018︶ ᠦᠨ ᠱᠠᠲᠤᠴᠢ ᠴᠢᠨᠠᠷ ᠲᠠᠢ ᠪᠦᠲᠦᠭᠡᠯ ᠪᠣᠯᠤᠨ᠎ᠠ᠃
ᠠᠭᠤᠯᠭ᠎ᠠ ᠶ᠋ᠢᠨ ᠲᠣᠪᠴᠢ᠄ ᠮᠣᠩᠭᠤᠯ ᠬᠡᠯᠡᠨ ᠳᠦ ᠡᠭᠦᠰᠦᠮᠡᠯ ᠬᠡᠮᠵᠢᠭᠦᠷ ᠦᠭᠡ ᠶᠢ ᠨᠡᠷ᠎ᠡ ᠦᠭᠡ ᠡᠴᠡ ᠢᠷᠡᠯ ᠲᠠᠢ ᠬᠡᠮᠵᠢᠭᠦᠷ ᠦᠭᠡ᠂ ᠦᠢᠯᠡ ᠦᠭᠡ ᠡᠴᠡ ᠢᠷᠡᠯ ᠲᠠᠢ ᠬᠡᠮᠵᠢᠭᠦᠷ ᠦᠭᠡ ᠭᠡᠵᠦ ᠬᠣᠶᠠᠷ ᠬᠤᠪᠢᠶᠠᠨ᠎ᠠ᠃ ᠨᠡᠷ᠎ᠡ ᠦᠭᠡ ᠡᠴᠡ ᠢᠷᠡᠯ ᠲᠠᠢ ᠬᠡᠮᠵᠢᠭᠦᠷ ᠦᠭᠡ ᠶᠢ ᠪᠠᠰᠠ ᠬᠡᠮᠵᠢᠬᠦ ᠡᠲᠡᠭᠡᠳ ᠦᠨ ᠠᠳᠠᠯᠢ ᠪᠤᠰᠤ ᠶᠢ ᠦᠨᠳᠦᠰᠦᠯᠡᠨ ᠨᠡᠷ᠎ᠡ ᠦᠭᠡ ᠶᠢ ᠬᠡᠮᠵᠢᠬᠦ ᠬᠡᠮᠵᠢᠭᠦᠷ ᠦᠭᠡ ᠪᠠ ᠦᠢᠯᠡ ᠦᠭᠡ ᠶᠢ ᠬᠡᠮᠵᠢᠬᠦ ᠬᠡᠮᠵᠢᠭᠦᠷ ᠦᠭᠡ ᠭᠡᠵᠦ ᠬᠣᠶᠠᠷ ᠬᠤᠪᠢᠶᠠᠵᠤ ᠪᠣᠯᠤᠨ᠎ᠠ᠃ ᠮᠣᠩᠭᠤᠯ ᠬᠡᠯᠡᠨ  ᠳᠦ ᠦᠢᠯᠡ ᠬᠥᠳᠡᠯᠭᠡᠭᠡᠨ ᠢ ᠬᠡᠮᠵᠢᠬᠦ ᠳᠦ᠂ ᠦᠢᠯᠡ ᠬᠥᠳᠡᠯᠭᠡᠭᠡᠨ ᠦ ᠳᠠᠪᠲᠠᠭᠳᠠᠭᠰᠠᠨ ᠲᠣᠭ᠎ᠠ ᠶᠢ ᠦᠢᠯᠡ ᠬᠥᠳᠡᠯᠭᠡᠭᠡᠨ ᠦ ᠬᠡᠮᠵᠢᠭᠦᠷ ᠦᠭᠡ︽ ᠤᠳᠠᠭ᠎ᠠ︾ ᠪᠠ ᠲᠠᠬᠢᠬᠤ ᠲᠣᠭᠠᠨ ᠤ ᠦᠭᠡ ᠪᠡᠷ ᠬᠡᠮᠵᠢᠵᠦ᠂ ᠲᠡᠭᠦᠨ ᠦ ᠦᠷᠭᠦᠯᠵᠢᠯᠡᠨ ᠶᠠᠪᠤᠭᠳᠠᠭᠰᠠᠨ ᠬᠤᠭᠤᠴᠠᠭ᠎ᠠ ᠶᠢ ᠴᠠᠭ ᠬᠤᠭᠤᠴᠠᠭᠠᠨ ᠤ ᠬᠡᠮᠵᠢᠭᠦᠷ ᠦᠭᠡ ᠪᠡᠷ ᠬᠡᠮᠵᠢᠳᠡᠭ᠃ ᠡᠢᠮᠦ ᠡᠴᠡ ᠴᠠᠭ ᠬᠤᠭᠤᠴᠠᠭᠠᠨ ᠤ ᠬᠡᠮᠵᠢᠭᠦᠷ ᠦᠭᠡ ᠶᠢ ᠦᠢᠯᠡ ᠬᠥᠳᠡᠯᠭᠡᠭᠡᠨ ᠦ ᠦᠭᠡ ᠲᠠᠢ ᠤᠶᠠᠯᠳᠤᠭᠤᠯᠤᠨ ᠰᠤᠳᠤᠯᠳᠠᠭ ᠶᠤᠮ᠃