ᠬᠤᠭᠤᠴᠠᠭᠠᠲᠦ ᠰᠡᠳᠭᠦᠯ
>
ᠮᠣᠩᠭᠤᠯ ᠬᠡᠯᠡ ᠪᠢᠴᠢᠭ
>
ᠪᠠᠷᠠᠭᠤᠨ ᠮᠣᠩᠭᠤᠯ ᠰᠤᠳᠤᠯᠤᠯ
>
ᠣᠢᠷᠠᠳ ᠰᠤᠳᠤᠯᠤᠯ
>
ᠥᠪᠦᠷ ᠮᠣᠩᠭᠤᠯ ᠤ᠋ᠨ ᠰᠤᠷᠭᠠᠨ ᠬᠥᠮᠦᠵᠢᠯ
>
ᠮᠣᠩᠭᠤᠯ ᠬᠡᠯᠡ ᠪᠢᠴᠢᠭ ᠦ᠋ᠨ ᠰᠤᠳᠤᠯᠤᠯᠭᠠᠨ ᠤ᠋ ᠮᠠᠲ᠋ᠧᠷᠢᠶᠠᠯ ᠤ᠋ᠨ ᠡᠮᠬᠢᠳᠭᠡᠯ
>
ᠮᠣᠩᠭᠤᠯ ᠬᠡᠯᠡ ᠤᠳᠭ᠎ᠠ ᠵᠣᠬᠢᠶᠠᠯ ᠤ᠋ᠨ ᠰᠢᠨᠵᠢᠯᠡᠭᠡᠨ

ᠲᠦᠴᠢᠤᠸᠠᠨ ᠰᠢᠶᠠᠨ ᠊ᠣ᠌ ᠮᠣᠩᠭᠤᠯᠴᠤᠳ ᠤᠨ ᠬᠡᠯᠡ ᠬᠡᠷᠡᠭᠯᠡᠭᠡᠨ ᠊ᠣ᠌ ᠠᠰᠠᠭᠤᠳᠠᠯ ᠤᠨ ᠰᠤᠳᠤᠯᠤᠯ

ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠳᠤᠮᠳᠠᠳᠤ ᠤᠯᠤᠰ ᠤ᠋ᠨ ᠮᠣᠩᠭᠤᠯ ᠰᠤᠳᠤᠯᠤᠯ -> 201601
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2019/03/19
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠲᠤᠯᠭᠠᠭᠤᠷᠢ
ᠵᠠᠩᠭᠢᠯᠠᠭ᠎ᠠ ᠦᠭᠡ᠄ ᠲᠦᠴᠢᠤᠸᠠᠨ ᠰᠢᠶᠠᠨ᠃ ᠮᠣᠩᠭᠤᠯᠴᠤᠳ ᠤᠨ ᠬᠡᠯᠡ ᠬᠡᠷᠡᠭᠯᠡᠭᠡᠨ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠬᠡᠯᠡᠨ ᠊ᠣ᠌ ᠠᠳᠠᠯᠢ ᠪᠤᠰᠤ ᠬᠡᠷᠡᠭᠯᠡᠯᠲᠡ ᠶᠢᠨ ᠣᠷᠴᠢᠨ ᠳ᠋ᠡᠬᠢ ᠬᠡᠷᠡᠭᠯᠡᠭᠳᠡᠬᠦ ᠪᠠᠢᠳᠠᠯ ᠨᠢ ᠠᠳᠠᠯᠢ ᠪᠤᠰᠤ ᠪᠠᠢᠳᠠᠭ᠃ ᠡᠨᠡ ᠨᠢ ᠲᠤᠬᠠᠢ ᠶᠢᠨ ᠭᠠᠵᠠᠷ ᠣᠷᠤᠨ ᠊ᠣ᠌ ᠨᠡᠢᠭᠡᠮ ᠲᠡᠦᠬᠡ ᠶᠢᠨ ᠰᠢᠯᠲᠠᠭᠠᠨ᠂ ᠭᠠᠵᠠᠷ ᠵᠦᠢ ᠶᠢᠨ ᠪᠠᠢᠷᠢᠰᠢᠯ᠂ ᠵᠠᠰᠠᠭ ᠵᠠᠬᠢᠷᠭᠠᠨ ᠪᠠ ᠤᠯᠤᠰ ᠲᠥᠷᠦ  ᠶᠢᠨ ᠬᠠᠮᠢᠶᠠᠷᠠᠯᠲᠠ᠂ ᠬᠥᠮᠦᠨ ᠠᠮᠠ ᠶᠢᠨ ᠪᠦᠷᠢᠯᠳᠦᠬᠦᠨ᠂ ᠰᠤᠷᠭᠠᠨ ᠬᠥᠮᠦᠵᠢᠯ ᠦᠨ ᠨᠥᠬᠦᠴᠡᠯ ᠵᠡᠷᠭᠡ ᠡᠴᠡ ᠰᠢᠯᠲᠠᠭᠠᠯᠠᠭᠳᠠᠨ᠎ᠠ᠃ ᠲᠤᠰ ᠥᠭᠦᠯᠡᠯ ᠳᠦ᠂ ᠲᠦᠴᠢᠤᠸᠠᠨ ᠰᠢᠶᠠᠨ ᠊ᠣ᠌ ᠮᠣᠩᠭᠤᠯᠴᠤᠳ ᠤᠨ ᠬᠡᠯᠡ ᠬᠡᠷᠡᠭᠯᠡᠭᠡᠨ ᠊ᠣ᠌ ᠪᠠᠢᠳᠠᠯ ᠢ ᠪᠠᠢᠴᠠᠭᠠᠨ ᠰᠢᠨᠵᠢᠯᠡᠬᠦ ᠳ᠋ᠡᠭᠡᠨ ᠶᠠᠭᠤᠨ ᠊ᠣ᠌ ᠡᠮᠦᠨ᠎ᠡ᠂ ᠲᠤᠬᠠᠢ ᠶᠢᠨ ᠭᠠᠵᠠᠷ ᠣᠷᠤᠨ ᠊ᠣ᠌ ᠮᠣᠩᠭᠤᠯᠴᠤᠳ ᠤᠨ ᠬᠡᠯᠡ ᠶᠠᠷᠢᠶᠠᠨ ᠊ᠣ᠌ ᠨᠡᠢᠭᠡᠮ  ᠲᠡᠦᠬᠡ ᠶᠢᠨ ᠪᠠᠢᠳᠠᠯ ᠭᠠᠵᠠᠷ ᠵᠦᠢ ᠶᠢᠨ ᠪᠠᠢᠷᠢᠰᠢᠯ᠂ ᠬᠥᠮᠦᠨ ᠠᠮᠠ ᠶᠢᠨ ᠲᠠᠷᠬᠠᠯᠲᠠ ᠵᠡᠷᠭᠡ ᠣᠷᠴᠢᠨ ᠠᠬᠤᠢ ᠶᠢ ᠲᠤᠰᠢᠶᠠᠭᠰᠠᠨ ᠪᠥᠭᠡᠳ ᠲᠠᠳᠡᠨᠦᠰ ᠦᠨ ᠬᠡᠯᠡ ᠬᠡᠷᠡᠭᠯᠡᠭᠡᠨ ᠊ᠣ᠌ ᠪᠣᠳᠠᠲᠤ ᠪᠠᠢᠳᠠᠯ ᠢ ᠬᠤᠪᠢ ᠬᠥᠮᠦᠨ ᠊ᠣ᠌ ᠬᠡᠯᠡ ᠬᠡᠷᠡᠭᠯᠡᠭᠡᠨ ᠳ᠋ᠡᠬᠢ ᠮᠣᠩᠭᠤᠯ ᠬᠡᠯᠡᠨ ᠊ᠣ᠌ ᠪᠠᠢᠳᠠᠯ᠂ ᠠᠯᠪᠠᠨ ᠪᠠᠢᠭᠤᠯᠭ᠎ᠠ ᠨᠢᠭᠡᠴᠡ ᠶᠢᠨ ᠮᠣᠩᠭᠤᠯ ᠬᠡᠯᠡ ᠬᠡᠷᠡᠭᠯᠡᠭᠡᠨ ᠊ᠣ᠌ ᠪᠠᠢᠳᠠᠯ ᠵᠢᠴᠢ ᠬᠡᠯᠡ ᠬᠡᠷᠡᠭᠯᠡᠭᠡᠨ ᠊ᠣ᠌ ᠭᠤᠸ᠎ᠠ ᠲᠠᠭᠠᠰᠢᠶᠠᠯ ᠣᠪᠤᠷ ᠰᠡᠳᠭᠢᠯᠭᠡ ᠶᠢᠨ ᠪᠠᠢᠳᠠᠯ ᠭᠡᠬᠦ ᠮᠡᠲᠦ ᠬᠡᠳᠦᠨ ᠲᠠᠯ᠎ᠠ ᠪᠡᠷ ᠪᠠᠢᠴᠠᠭᠠᠨ ᠰᠢᠨᠵᠢᠯᠡᠵᠠᠢ᠃