ᠬᠤᠭᠤᠴᠠᠭᠠᠲᠦ ᠰᠡᠳᠭᠦᠯ
>
ᠮᠣᠩᠭᠤᠯ ᠬᠡᠯᠡ ᠪᠢᠴᠢᠭ
>
ᠪᠠᠷᠠᠭᠤᠨ ᠮᠣᠩᠭᠤᠯ ᠰᠤᠳᠤᠯᠤᠯ
>
ᠣᠢᠷᠠᠳ ᠰᠤᠳᠤᠯᠤᠯ
>
ᠥᠪᠦᠷ ᠮᠣᠩᠭᠤᠯ ᠤ᠋ᠨ ᠰᠤᠷᠭᠠᠨ ᠬᠥᠮᠦᠵᠢᠯ
>
ᠮᠣᠩᠭᠤᠯ ᠬᠡᠯᠡ ᠪᠢᠴᠢᠭ ᠦ᠋ᠨ ᠰᠤᠳᠤᠯᠤᠯᠭᠠᠨ ᠤ᠋ ᠮᠠᠲ᠋ᠧᠷᠢᠶᠠᠯ ᠤ᠋ᠨ ᠡᠮᠬᠢᠳᠭᠡᠯ
>
ᠮᠣᠩᠭᠤᠯ ᠬᠡᠯᠡ ᠤᠳᠭ᠎ᠠ ᠵᠣᠬᠢᠶᠠᠯ ᠤ᠋ᠨ ᠰᠢᠨᠵᠢᠯᠡᠭᠡᠨ

ᠮᠣᠩᠭᠤᠯ ᠬᠡᠯᠡᠨ ᠊ᠣ᠌ ᠵᠥᠪ ᠪᠢᠴᠢᠯᠭᠡ ᠶᠢᠨ ᠬᠠᠷᠭᠤᠭᠤᠯᠭ᠎ᠠ ᠶᠢᠨ ᠰᠢᠰᠲ᠋ᠧᠮ

ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠳᠤᠮᠳᠠᠳᠤ ᠤᠯᠤᠰ ᠤ᠋ᠨ ᠮᠣᠩᠭᠤᠯ ᠰᠤᠳᠤᠯᠤᠯ -> 201601
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2019/03/19
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠯᠤᠭᠯᠤ
ᠵᠠᠩᠭᠢᠯᠠᠭ᠎ᠠ ᠦᠭᠡ᠄ ᠮᠣᠩᠭᠤᠯ ᠬᠡᠯᠡ᠂ ᠵᠥᠪ ᠪᠢᠴᠢᠯᠭᠡ᠂ ᠬᠠᠷᠭᠤᠭᠤᠯᠬᠤ᠂ ᠵᠠᠯᠠᠷᠠᠭᠤᠯᠬᠤ᠂Mongolian Editor
ᠰᠠᠭᠤᠷᠢ ᠮᠥᠩᠭᠦᠨ ᠤ᠋ ᠳᠡᠮᠵᠢᠯᠭᠡ᠄ ᠲᠤᠰ ᠥᠭᠦᠯᠡᠯ ᠤᠯᠤᠰ ᠤᠨ ᠨᠡᠢᠭᠡᠮ ᠦᠨ ᠰᠢᠨᠵᠢᠯᠡᠬᠦ ᠤᠬᠠᠭᠠᠨ ᠤ ᠹᠣᠨᠳ᠋︵ ᠵᠥᠪᠰᠢᠶᠡᠷᠡᠭᠰᠡᠨ ᠨᠣᠮᠧᠷ᠄ 13BXW047︶ ᠦᠨ ᠳᠡᠮᠵᠢᠯᠭᠡ ᠶᠢ ᠣᠯᠪᠠ᠃
ᠠᠭᠤᠯᠭ᠎ᠠ ᠶ᠋ᠢᠨ ᠲᠣᠪᠴᠢ᠄ ᠮᠣᠩᠭᠤᠯ ᠬᠡᠯᠡᠨ ᠊ᠣ᠌ ᠺᠣᠳ᠋ ᠤᠨ ᠣᠨᠴᠠᠯᠢᠭ᠂᠂ᠪᠠᠷᠢᠮᠵᠢᠶ᠎ᠠ ᠠᠪᠢᠶᠠᠨ ᠊ᠣ᠌ ᠲᠦᠭᠡᠮᠡᠯᠵᠢᠯᠡᠯ ᠦᠨ ᠬᠢᠷᠢ ᠲᠦᠪᠰᠢᠨ ᠪᠠ ᠬᠡᠷᠡᠭᠯᠡᠭᠴᠢᠳ ᠦᠨ ᠦᠰᠦᠭ ᠣᠷᠤᠭᠤᠯᠬᠤ ᠵᠤᠷᠰᠢᠯ ᠵᠡᠷᠭᠡ ᠲᠠᠯ᠎ᠠ ᠶᠢᠨ ᠰᠢᠯᠲᠠᠭᠠᠨ ᠠᠴᠠ ᠪᠣᠯᠵᠤ᠂ ᠮᠣᠩᠭᠤᠯ ᠬᠡᠯᠡᠨ ᠊ᠣ᠌ ᠡᠯᠸᠺᠲ᠋ᠧᠷᠤᠨ ᠲᠧᠺᠰᠲ ᠲᠤ ᠳᠠᠭᠤᠳᠠᠯᠭ᠎ᠠ︵ ᠺᠣᠳ᠋︶ ᠶᠢᠨ ᠲᠠᠰᠢᠶᠠᠷᠠᠯ ᠬᠦᠨᠳᠦ ᠨᠣᠴᠢᠲᠠᠢ ᠣᠷᠤᠰᠢᠵᠤ ᠪᠤᠢ᠃ ᠡᠨᠡ ᠬᠦ ᠠᠰᠠᠭᠤᠳᠠᠯ ᠳᠤ ᠴᠢᠭᠯᠡᠭᠦᠯᠦᠨ ᠲᠤᠰ ᠥᠭᠦᠯᠡᠯ ᠳᠦ ᠮᠣᠩᠭᠤᠯ ᠬᠡᠯᠡᠨ ᠊ᠣ᠌ ᠡᠯᠸᠺᠲ᠋ᠧᠷᠤᠨ ᠲᠸᠺᠰᠲ᠋ᠢ ᠳᠡᠬᠢ ᠵᠥᠪ ᠪᠢᠴᠢᠯᠭᠡ ᠶᠢᠨ ᠲᠠᠰᠢᠶᠠᠷᠠᠯ ᠤᠨ ᠪᠠᠢᠳᠠᠯ ᠢ ᠬᠤᠷᠢᠶᠠᠩᠭᠤᠢᠯᠠᠨ ᠳ᠋ᠦᠩᠨᠡᠵᠦ᠂ ᠡᠭᠦᠨ ᠊ᠣ᠌ ᠰᠠᠭᠤᠷᠢᠨ ᠳᠡᠭᠡᠷ᠎ᠡ ᠬᠠᠷᠭᠤᠭᠤᠯᠭ᠎ᠠ ᠪᠠ ᠵᠠᠯᠠᠷᠠᠭᠤᠯᠭ᠎ᠠ ᠬᠢᠬᠦ ᠺᠣᠮᠫᠢᠦ᠋ᠲ᠋ᠧᠷ ᠰᠤᠹᠲ᠋ᠢMongolian Editor ᠤᠨ ᠪᠦᠲᠦᠴᠡ᠂ ᠣᠨᠴᠠᠯᠢᠭ᠂ ᠴᠢᠳᠠᠮᠵᠢ ᠪᠠ ᠬᠡᠷᠡᠭᠯᠡᠭᠡᠨ ᠊ᠣ᠌ ᠪᠠᠢᠳᠠᠯ ᠤᠨ ᠲᠤᠬᠠᠢ ᠲᠠᠨᠢᠯᠠᠴᠠᠭᠤᠯᠪᠠ᠃