ᠬᠤᠭᠤᠴᠠᠭᠠᠲᠦ ᠰᠡᠳᠭᠦᠯ
>
ᠮᠣᠩᠭᠤᠯ ᠬᠡᠯᠡ ᠪᠢᠴᠢᠭ
>
ᠪᠠᠷᠠᠭᠤᠨ ᠮᠣᠩᠭᠤᠯ ᠰᠤᠳᠤᠯᠤᠯ
>
ᠣᠢᠷᠠᠳ ᠰᠤᠳᠤᠯᠤᠯ
>
ᠥᠪᠦᠷ ᠮᠣᠩᠭᠤᠯ ᠤ᠋ᠨ ᠰᠤᠷᠭᠠᠨ ᠬᠥᠮᠦᠵᠢᠯ
>
ᠮᠣᠩᠭᠤᠯ ᠬᠡᠯᠡ ᠪᠢᠴᠢᠭ ᠦ᠋ᠨ ᠰᠤᠳᠤᠯᠤᠯᠭᠠᠨ ᠤ᠋ ᠮᠠᠲ᠋ᠧᠷᠢᠶᠠᠯ ᠤ᠋ᠨ ᠡᠮᠬᠢᠳᠭᠡᠯ
>
ᠮᠣᠩᠭᠤᠯ ᠬᠡᠯᠡ ᠤᠳᠭ᠎ᠠ ᠵᠣᠬᠢᠶᠠᠯ ᠤ᠋ᠨ ᠰᠢᠨᠵᠢᠯᠡᠭᠡᠨ

︽ᠠᠯᠲᠠᠨ ᠬᠠᠨ ᠤ᠋ ᠴᠠᠭᠠᠵᠠ︾ ᠵᠢᠨ ᠡᠷᠡᠭᠦᠦ ᠵᠢᠨ ᠬᠠᠤᠯᠢ ᠳᠦᠷᠢᠮ ᠦ᠋ᠨ ᠣᠨᠴᠠᠯᠢᠭ ᠢ᠋ ᠥᠭᠦᠯᠡᠬᠦ ᠨᠢ

ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠳᠤᠮᠳᠠᠳᠤ ᠤᠯᠤᠰ ᠤ᠋ᠨ ᠮᠣᠩᠭᠤᠯ ᠰᠤᠳᠤᠯᠤᠯ -> 201801
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2018/09/12
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠪᠣᠣ ᠴᠣᠯᠮᠤᠨ
ᠵᠠᠩᠭᠢᠯᠠᠭ᠎ᠠ ᠦᠭᠡ᠄ ︽ᠠᠯᠲᠠᠨ ᠬᠠᠨ ᠤ᠋ ᠴᠠᠭᠠᠵᠠ︾︔ ᠡᠷᠡᠭᠦᠦ ᠵᠢᠨ ᠬᠠᠤᠯᠢ ᠳᠦᠷᠢᠮ ︔ ᠵᠦᠢᠯ ᠵᠤᠷᠪᠤᠰ
ᠰᠠᠭᠤᠷᠢ ᠮᠥᠩᠭᠦᠨ ᠤ᠋ ᠳᠡᠮᠵᠢᠯᠭᠡ᠄ ᠲᠤᠰ ᠥᠭᠦᠯᠡᠯ ᠪᠣᠯ 2017 ᠣᠨ ᠤ᠋ ᠤᠯᠤᠰ ᠤ᠋ᠨ ᠨᠡᠢᠭᠡᠮ ᠦ᠋ᠨ ᠰᠢᠨᠵᠢᠯᠡᠬᠦ ᠤᠬᠠᠭᠠᠨ ᠤ᠋ ᠰᠠᠭᠤᠷᠢ ᠮᠥᠩᠭᠦᠨ ᠦ᠌ ᠲᠥᠰᠦᠯ︽ ᠡᠷᠲᠡᠨ ᠦ᠌ ᠮᠣᠩᠭᠤᠯ ᠤᠨ ᠨᠡᠢᠭᠡᠮ ᠦ᠋ᠨ ᠶᠠᠯᠠᠲᠤ ᠬᠡᠷᠡᠭ ᠢ᠋ ᠰᠡᠷᠭᠡᠢᠯᠡᠨ ᠵᠠᠰᠠᠬᠤ ᠬᠠᠤᠯᠢ ᠳᠦᠷᠢᠮ ᠦ᠋ᠨ ᠰᠤᠳᠤᠯᠤᠯᠲᠠ︾︵ ᠵᠥᠪᠰᠢᠶᠡᠷᠡᠭᠳᠡᠭᠰᠡᠨ ᠳ᠋ᠤᠭᠠᠷ᠄ 17BFX169︶ ᠪᠠ 2017 ᠣᠨ ᠤ᠋ ᠥᠪᠦᠷ ᠮᠣᠩᠭᠤᠯ ᠤᠨ ᠭᠦᠨ ᠤᠬᠠᠭᠠᠨ ᠨᠡᠢᠭᠡᠮ ᠦ᠋ᠨ ᠰᠢᠨᠵᠢᠯᠡᠬᠦ ᠤᠬᠠᠭᠠᠨ ᠤ᠋ ᠲᠥᠯᠦᠪᠵᠢᠭᠦᠯᠬᠦ ᠵᠢᠨ ᠲᠥᠰᠦᠯ︽ ᠡᠷᠲᠡᠨ ᠦ᠌ ᠮᠣᠩᠭᠤᠯ ᠤ᠋ᠨ ᠵᠠᠷᠭᠤ ᠵᠢᠨ ᠳᠦᠷᠢᠮ ᠦ᠋ᠨ ᠣᠳᠣᠬᠢ ᠥᠷᠲᠡᠭ ᠤ᠋ᠨ ᠲᠤᠬᠠᠢ ᠰᠤᠳᠤᠯᠤᠯᠲᠠ︾︵ ᠵᠥᠪᠰᠢᠶᠡᠷᠡᠭᠳᠡᠭᠰᠡᠨ ᠳ᠋ᠤᠭᠠᠷ᠄ 2017NDB109︶ ᠤᠨ ᠱᠠᠲᠤᠴᠢ ᠴᠢᠨᠠᠷ ᠲᠠᠢ ᠪᠦᠲᠦᠭᠡᠯ ᠪᠣᠯᠤᠨ᠎ᠠ᠃
ᠠᠭᠤᠯᠭ᠎ᠠ ᠶ᠋ᠢᠨ ᠲᠣᠪᠴᠢ᠄ ︽ᠠᠯᠲᠠᠨ ᠬᠠᠨ ᠤ᠋ ᠴᠠᠭᠠᠵᠠ︾ ᠪᠣᠯ16 ᠳ᠋ᠤᠭᠠᠷ ᠵᠠᠭᠤᠨ ᠤ᠋70 ᠊ᠭᠠᠳ ᠣᠨ ᠤ᠋ ᠰᠡᠭᠦᠯᠴᠢ᠂ 80 ᠊ᠭᠠᠳ ᠣᠨ ᠤ᠋ ᠡᠬᠢ ᠪᠡᠷ ᠨᠡᠢᠲᠡᠯᠡᠭᠳᠡᠭᠰᠡᠨ ᠨᠢᠭᠡᠨ ᠢᠵᠢ ᠣᠷᠤᠨ ᠨᠤᠲᠤᠭ  ᠤᠨ ᠴᠢᠨᠠᠷ ᠲᠠᠢ ᠬᠠᠤᠯᠢ ᠳᠦᠷᠢᠮ ᠪᠣᠯᠤᠨ᠎ᠠ᠃︽ ᠠᠯᠲᠠᠨ ᠬᠠᠨ ᠤ᠋ ᠴᠠᠭᠠᠵᠠ︾ ᠵᠢᠨ ᠡᠷᠡᠭᠦᠦ ᠵᠢᠨ ᠬᠠᠤᠯᠢ ᠳᠦᠷᠢᠮ ᠳ᠋ᠦ᠍ ᠠᠯᠠᠬᠤ ᠡᠷᠡᠭᠦᠦ ᠶ᠋ᠢ ᠦᠯᠦ ᠬᠡᠷᠡᠭᠯᠡᠬᠦ᠂ ᠬᠤᠯᠠᠭᠠᠢ ᠶ᠋ᠢ ᠰᠢᠢᠳᠭᠡᠬᠦ ᠵᠦᠢᠯ ᠵᠤᠷᠪᠤᠰ ᠣᠯᠠᠨ᠂ ᠮᠠᠯ ᠢ᠋ᠶ᠋ᠠᠷ ᠲᠣᠷᠭᠠᠬᠤ ᠡᠷᠡᠭᠦᠦ ᠰᠢᠢᠳᠭᠡᠯ ᠦ᠋ᠨ ᠬᠡᠯᠪᠡᠷᠢ ᠶ᠋ᠢ ᠠᠩᠬ᠎ᠠ ᠤᠳᠠᠭ᠎ᠠ ᠥᠷᠭᠡᠨ ᠢ᠋ᠶ᠋ᠡᠷ ᠬᠡᠷᠡᠭᠯᠡᠭᠰᠡᠨ ᠵᠡᠷᠭᠡ ᠭᠣᠣᠯ ᠣᠨᠴᠠᠯᠢᠭ ᠲᠠᠢ᠃︽  ᠠᠯᠲᠠᠨ ᠬᠠᠨ ᠤ᠋ ᠴᠠᠭᠠᠵᠠ︾ ᠵᠢᠨ ᠡᠷᠡᠭᠦᠦ ᠵᠢᠨ ᠬᠠᠤᠯᠢ ᠳᠦᠷᠢᠮ ᠦ᠋ᠨ ᠣᠨᠴᠠᠯᠢᠭ ᠢ᠋ ᠰᠢᠨᠵᠢᠯᠡᠬᠦ ᠪᠠᠷ ᠳᠠᠮᠵᠢᠨ᠂ ᠲᠤᠬᠠᠢ ᠵᠢᠨ ᠦᠶ᠎ᠡ ᠵᠢᠨ ᠮᠣᠩᠭᠤᠯ ᠦᠨᠳᠦᠰᠦᠲᠡᠨ ᠦ᠌ ᠬᠠᠤᠯᠢ ᠳᠦᠷᠢᠮ ᠦ᠋ᠨ ᠬᠥᠭᠵᠢᠯᠲᠡ ᠵᠢᠨ ᠪᠠᠢᠳᠠᠯ ᠪᠠ ᠬᠠᠤᠯᠢ ᠲᠣᠭᠲᠠᠭᠠᠬᠤ ᠦᠵᠡᠯ ᠰᠠᠨᠠᠭ᠎ᠠ ᠶ᠋ᠢ ᠤᠯᠠᠮ ᠨᠢᠭᠡ ᠠᠯᠬᠤᠮ ᠣᠢᠯᠠᠭᠠᠵᠤ ᠪᠣᠯᠤᠨ᠎ᠠ᠃