ᠬᠤᠭᠤᠴᠠᠭᠠᠲᠦ ᠰᠡᠳᠭᠦᠯ
>
ᠮᠣᠩᠭᠤᠯ ᠬᠡᠯᠡ ᠪᠢᠴᠢᠭ
>
ᠪᠠᠷᠠᠭᠤᠨ ᠮᠣᠩᠭᠤᠯ ᠰᠤᠳᠤᠯᠤᠯ
>
ᠣᠢᠷᠠᠳ ᠰᠤᠳᠤᠯᠤᠯ
>
ᠥᠪᠦᠷ ᠮᠣᠩᠭᠤᠯ ᠤ᠋ᠨ ᠰᠤᠷᠭᠠᠨ ᠬᠥᠮᠦᠵᠢᠯ
>
ᠮᠣᠩᠭᠤᠯ ᠬᠡᠯᠡ ᠪᠢᠴᠢᠭ ᠦ᠋ᠨ ᠰᠤᠳᠤᠯᠤᠯᠭᠠᠨ ᠤ᠋ ᠮᠠᠲ᠋ᠧᠷᠢᠶᠠᠯ ᠤ᠋ᠨ ᠡᠮᠬᠢᠳᠭᠡᠯ
>
ᠮᠣᠩᠭᠤᠯ ᠬᠡᠯᠡ ᠤᠳᠭ᠎ᠠ ᠵᠣᠬᠢᠶᠠᠯ ᠤ᠋ᠨ ᠰᠢᠨᠵᠢᠯᠡᠭᠡᠨ

ᠮᠣᠩᠭᠤᠯ ᠬᠡᠯᠡᠨ ᠦ᠌ ᠰᠦᠯᠵᠢᠶᠡᠨ ᠦ᠌ ᠨᠡᠷᠡᠢᠳᠦᠯ ᠪᠠ ᠬᠠᠶᠢᠭ ᠤᠨ ᠲᠤᠬᠠᠢ ᠰᠤᠳᠤᠯᠬᠤ ᠨᠢ

ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠳᠤᠮᠳᠠᠳᠤ ᠤᠯᠤᠰ ᠤ᠋ᠨ ᠮᠣᠩᠭᠤᠯ ᠰᠤᠳᠤᠯᠤᠯ -> 201801
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2018/09/12
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠴ᠊ ᠰᠠᠷᠠᠭᠤᠯ ᠪᠤᠤ ᠸᠧᠨ ᠹᠧᠩ
ᠵᠠᠩᠭᠢᠯᠠᠭ᠎ᠠ ᠦᠭᠡ᠄ ᠮᠣᠩᠭᠤᠯ ᠬᠡᠯᠡᠨ ᠦ᠌ ᠰᠦᠯᠵᠢᠶ᠎ᠡ︔ ᠰᠦᠯᠵᠢᠶᠡᠨ  ᠨᠡᠷᠡᠢᠳᠦᠯ︔ ᠰᠦᠯᠵᠢᠶᠡᠨ ᠬᠠᠶᠢᠭ
ᠰᠠᠭᠤᠷᠢ ᠮᠥᠩᠭᠦᠨ ᠤ᠋ ᠳᠡᠮᠵᠢᠯᠭᠡ᠄ ᠲᠤᠰ ᠥᠭᠦᠯᠡᠯ ᠪᠣᠯ ᠤᠯᠤᠰ ᠤᠨ ᠨᠡᠢᠭᠡᠮ ᠦ᠋ᠨ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠲᠥᠰᠦᠯ︽ ᠮᠣᠩᠭᠤᠯ ᠬᠡᠯᠡᠨ ᠦ᠌ ᠰᠦᠯᠵᠢᠶᠡᠨ  ᠦ᠌ ᠣᠳᠣᠬᠢ ᠪᠠᠢᠳᠠᠯ  ᠤ᠋ᠨ ᠪᠠᠢᠴᠠᠭᠠᠯᠲᠠ ᠵᠢᠴᠢ ᠬᠥᠭᠵᠢᠭᠦᠯᠬᠦ ᠠᠷᠭ᠎ᠠ ᠪᠣᠳᠤᠯᠭ᠎ᠠ︾︵ ᠵᠥᠪᠰᠢᠶᠡᠷᠡᠭᠳᠡᠭᠰᠡᠨ ᠳ᠋ᠤᠭᠠᠷ᠄ 13BXW047︶ᠵᠢᠨ ᠬᠡᠰᠡᠭ ᠪᠦᠲᠦᠭᠡᠯ ᠪᠣᠯᠤᠨ᠎ᠠ᠃
ᠠᠭᠤᠯᠭ᠎ᠠ ᠶ᠋ᠢᠨ ᠲᠣᠪᠴᠢ᠄ ᠮᠣᠩᠭᠤᠯ ᠬᠡᠯᠡᠨ ᠦ᠌ ᠰᠦᠯᠵᠢᠶᠡᠨ ᠳ᠋ᠦ᠍᠂ ᠵᠠᠰᠠᠭ ᠵᠠᠬᠢᠷᠭᠠᠨ ᠤ᠋ ᠬᠣᠯᠪᠤᠭᠳᠠᠯ ᠪᠦᠬᠦᠢ ᠪᠠᠢᠭᠤᠯᠤᠮᠵᠢ ᠵᠢᠨ ᠰᠦᠯᠵᠢᠶ᠎ᠡ ᠪᠤᠶᠤ ᠰᠣᠨᠢᠨ ᠮᠡᠳᠡᠭᠡᠨ ᠦ᠌ ᠪᠠᠢᠭᠤᠯᠤᠮᠵᠢ ᠵᠢᠨ ᠰᠦᠯᠵᠢᠶ᠎ᠡ᠂ ᠰᠤᠷᠭᠠᠨ ᠬᠥᠮᠦᠵᠢᠯ ᠦ᠋ᠨ ᠬᠠᠮᠢᠶ᠎ᠠ ᠪᠦᠬᠦᠢ ᠬᠡᠯᠲᠡᠰ ᠡᠴᠡ ᠡᠷᠬᠢᠯᠡᠨ ᠪᠠᠢᠭᠤᠯᠤᠭᠰᠠᠨ ᠰᠦᠯᠵᠢᠶᠡᠨ ᠦ᠌ ᠨᠡᠷᠡᠢᠳᠦᠯ ᠨᠢ ᠭᠣᠣᠯᠳᠠᠭᠤ ᠰᠢᠭᠤᠳ ᠠᠯᠪᠠᠨ ᠪᠠᠢᠭᠤᠯᠭ᠎ᠠ ᠵᠢᠨ ᠢ᠋ᠶ᠋ᠠᠨ ᠨᠡᠷ᠎ᠡ ᠪᠡᠷ ᠨᠡᠷᠡᠢᠳᠴᠦ᠂ ᠪᠠᠰᠠ ᠨᠢᠭᠡ ᠪᠦᠯᠦᠭ ᠠᠯᠪᠠᠨ ᠪᠠᠢᠭᠤᠯᠭ᠎ᠠ ᠵᠢᠨ ᠰᠦᠯᠵᠢᠶ᠎ᠡ ᠨᠢ ᠰᠦᠯᠵᠢᠶᠡᠨ ᠦ᠌ ᠰᠢᠨᠵᠢ ᠴᠢᠨᠠᠷ ᠲᠠᠭᠠᠨ ᠰᠠᠭᠤᠷᠢᠯᠠᠨ ᠴᠣᠬᠤᠮ ᠶᠠᠭᠤ ᠬᠢᠳᠡᠭ ᠰᠦᠯᠵᠢᠶ᠎ᠡ ᠭᠡᠳᠡᠭ ᠢ᠋ᠶ᠋ᠡᠨ ᠳᠣᠪᠤᠢᠯᠭᠠᠬᠤ ᠡᠭᠦᠳᠡᠨ ᠡᠴᠡ ᠨᠡᠷᠡᠢᠳᠦᠭᠰᠡᠨ ᠪᠠᠢᠨ᠎ᠠ᠃ ᠴᠦ᠋ᠬᠡᠨ ᠵᠠᠷᠢᠮ ᠰᠦᠯᠵᠢᠶ᠎ᠡ ᠨᠢ ᠰᠦᠯᠵᠢᠶᠡᠨ ᠦ᠌ ᠪᠡᠨ ᠴᠡᠭ ᠬᠠᠨᠳᠤᠯᠭ᠎ᠠ ᠳ᠋ᠤ᠌ ᠵᠣᠷᠢᠭᠤᠯᠵᠤ᠂ ᠵᠣᠷᠢᠯᠭ᠎ᠠ ᠬᠠᠷᠠᠯᠲᠠ ᠪᠠᠨ ᠪᠡᠯᠭᠡᠳᠡᠨ ᠨᠡᠷᠡᠯᠡᠭᠰᠡᠨ ᠪᠠᠢᠨ᠎ᠠ᠃ ᠰᠦᠯᠵᠢᠶᠡᠨ ᠦ᠌ ᠬᠠᠶᠢᠭ ᠤ᠋ᠨ ᠨᠢᠭᠡᠳᠦᠭᠡᠷ ᠲᠡᠰ ᠲᠦ᠍᠂com,cn,edu ᠭᠡᠳᠡᠭ ᠬᠡᠳᠦᠨ ᠵᠦᠢᠯ ᠦ᠋ᠨ ᠪᠠᠢᠳᠠᠯ ᠪᠠᠢᠵᠤ᠂ ᠬᠣᠶᠠᠳᠤᠭᠠᠷ ᠲᠡᠰ ᠦ᠋ᠨ ᠬᠠᠶᠢᠭ ᠲᠤ᠌᠂org,gov ᠭᠡᠬᠦ ᠬᠣᠶᠠᠷ ᠵᠦᠢᠯ ᠦ᠋ᠨ ᠪᠠᠢᠳᠠᠯ ᠴᠦ᠋ᠬᠡᠨ ᠢᠯᠡᠷᠡᠵᠡᠢ᠃ ᠣᠯᠠᠩᠬᠢ ᠰᠦᠯᠵᠢᠶᠡᠨ ᠦ᠌ ᠬᠣᠶᠠᠳᠤᠭᠠᠷ ᠳᠡᠰ ᠦ᠋ᠨ ᠬᠠᠶᠢᠭ ᠪᠤᠶᠤ ᠴᠦ᠋ᠬᠡᠨ ᠵᠠᠷᠢᠮ ᠰᠦᠯᠵᠢᠶᠡᠨ ᠦ᠌ ᠭᠤᠷᠪᠠᠳᠤᠭᠠᠷ ᠲᠡᠰ ᠦ᠋ᠨ ᠬᠠᠶᠢᠭ ᠨᠢ ᠰᠦᠯᠵᠢᠶᠡᠨ ᠦ᠌ ᠬᠠᠶᠢᠭ ᠤᠨ ᠭᠣᠣᠯ ᠪᠦᠷᠢᠯᠳᠦᠬᠦᠨ ᠪᠣᠯᠬᠤ ᠪᠠᠷ ᠪᠠᠷᠠᠬᠤ ᠦᠭᠡᠢ ᠭᠣᠣᠯᠳᠠᠭᠤ ᠰᠦᠯᠵᠢᠶᠡᠨ ᠦ᠌ ᠨᠡᠷᠡᠢᠳᠦᠯ ᠪᠣᠯᠤᠨ᠎ᠠ᠃ ᠭᠡᠬᠦ ᠳ᠋ᠡᠭᠡᠨ ᠲᠤᠰ ᠨᠡᠷᠡᠢᠳᠦᠯ ᠢ᠋ ᠨᠢ ᠬᠢᠲᠠᠳ ᠨᠡᠷᠡᠢᠳᠦᠯ ᠦ᠋ᠨ ᠳᠥᠭᠦᠮ ᠨᠡᠷᠡᠢᠳᠦᠯ᠂ ᠬᠢᠲᠠᠳ ᠨᠡᠷᠡᠢᠳᠦᠯ ᠦ᠋ᠨ ᠭᠠᠯᠢᠭᠯᠠᠯ᠂ ᠮᠣᠩᠭᠤᠯ ᠨᠡᠷ᠎ᠡ ᠵᠢᠨ ᠬᠢᠨ ᠳᠥᠭᠦᠮ ᠨᠡᠷᠡᠢᠳᠦᠯ᠂ ᠮᠣᠩᠭᠤᠯ ᠨᠡᠷ᠎ᠡ ᠵᠢᠨ ᠬᠢ ᠨᠢ ᠭᠠᠯᠢᠭᠯᠠᠯ᠂ ᠬᠠᠭᠠᠰ  ᠢ᠋ ᠨᠢ ᠮᠣᠩᠭᠤᠯ ᠢ᠋ᠶ᠋ᠡᠷ ᠬᠠᠭᠠᠰ ᠢ᠋ ᠨᠢ ᠬᠢᠲᠠᠳ ᠢ᠋ᠶ᠋ᠡᠷ ᠭᠡᠬᠦ ᠮᠡᠲᠦ ᠢ᠋ᠶ᠋ᠡᠷ ᠢᠯᠡᠷᠡᠵᠦ ᠪᠣᠢ᠃