ᠬᠤᠭᠤᠴᠠᠭᠠᠲᠦ ᠰᠡᠳᠭᠦᠯ
>
ᠮᠣᠩᠭᠤᠯ ᠬᠡᠯᠡ ᠪᠢᠴᠢᠭ
>
ᠪᠠᠷᠠᠭᠤᠨ ᠮᠣᠩᠭᠤᠯ ᠰᠤᠳᠤᠯᠤᠯ
>
ᠣᠢᠷᠠᠳ ᠰᠤᠳᠤᠯᠤᠯ
>
ᠥᠪᠦᠷ ᠮᠣᠩᠭᠤᠯ ᠤ᠋ᠨ ᠰᠤᠷᠭᠠᠨ ᠬᠥᠮᠦᠵᠢᠯ
>
ᠮᠣᠩᠭᠤᠯ ᠬᠡᠯᠡ ᠪᠢᠴᠢᠭ ᠦ᠋ᠨ ᠰᠤᠳᠤᠯᠤᠯᠭᠠᠨ ᠤ᠋ ᠮᠠᠲ᠋ᠧᠷᠢᠶᠠᠯ ᠤ᠋ᠨ ᠡᠮᠬᠢᠳᠭᠡᠯ
>
ᠮᠣᠩᠭᠤᠯ ᠬᠡᠯᠡ ᠤᠳᠭ᠎ᠠ ᠵᠣᠬᠢᠶᠠᠯ ᠤ᠋ᠨ ᠰᠢᠨᠵᠢᠯᠡᠭᠡᠨ

ᠮᠣᠩᠭᠤᠯᠴᠤᠳ ᠤ᠋ᠨ ᠤᠷᠤᠭ ᠬᠤᠷᠢᠮ ᠤ᠋ᠨ ᠶᠣᠰᠤᠨ ᠳ᠋ᠤ᠌ ᠬᠣᠯᠪᠤᠭᠳᠠᠭᠰᠠᠨ ᠵᠠᠷᠢᠮ ᠵᠠᠩᠰᠢᠯ ᠤ᠋ᠨ ᠦᠭᠡ ᠬᠡᠯᠡᠯᠭᠡ ᠶ᠋ᠢᠨ ᠰᠢᠨᠵᠢᠯᠡᠯ︵ ᠭᠤᠷᠪᠠ︶

ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠳᠤᠮᠳᠠᠳᠤ ᠤᠯᠤᠰ ᠤ᠋ᠨ ᠮᠣᠩᠭᠤᠯ ᠰᠤᠳᠤᠯᠤᠯ -> 201606
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2019/04/03
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠭ᠌ ᠬᠠᠢᠷᠬᠠᠨ
ᠵᠠᠩᠭᠢᠯᠠᠭ᠎ᠠ ᠦᠭᠡ᠄ ᠮᠣᠩᠭᠤᠯᠴᠤᠳ︔ ᠤᠷᠤᠭ ᠬᠤᠷᠢᠮ︔ ᠵᠠᠩᠰᠢᠯ ᠤ᠋ᠨ ᠦᠭᠡ ᠬᠡᠯᠡᠯᠭᠡ
ᠰᠠᠭᠤᠷᠢ ᠮᠥᠩᠭᠦᠨ ᠤ᠋ ᠳᠡᠮᠵᠢᠯᠭᠡ᠄ ᠲᠤᠰ ᠥᠭᠦᠯᠡᠯ ᠪᠣᠯ ᠤᠯᠤᠰ ᠤ᠋ᠨ ᠨᠡᠢᠭᠡᠮ ᠦ᠋ᠨ ᠰᠢᠨᠵᠢᠯᠡᠬᠦ ᠤᠬᠠᠭᠠᠨ ᠤ᠋ ᠹᠣᠨᠳ᠋ ᠤ᠋ᠨ ᠲᠥᠰᠦᠯ︽ ᠮᠣᠩᠭᠤᠯ ᠵᠠᠩᠰᠢᠯ ᠤ᠋ᠨ ᠬᠡᠯᠡ ᠵᠢᠴᠢ ᠰᠣᠶᠤᠯ ᠤ᠋ᠨ ᠤᠯᠠᠮᠵᠢᠯᠠᠯ ᠤ᠋ᠨ ᠰᠤᠳᠤᠯᠭᠠᠨ︾︵ ᠵᠥᠪᠰᠢᠶᠡᠷᠡᠭᠰᠡᠨ ᠳ᠋ᠤᠭᠠᠷ14BYY131︶ ᠤ᠋ ᠨᠢᠭᠡ ᠬᠡᠰᠡᠭ ᠪᠣᠯᠤᠨ᠎ᠠ᠃
ᠠᠭᠤᠯᠭ᠎ᠠ ᠶ᠋ᠢᠨ ᠲᠣᠪᠴᠢ᠄ ᠬᠥᠮᠦᠨ ᠲᠥᠷᠦᠯᠭᠢᠲᠡᠨ ᠦ᠌ ᠬᠤᠷᠢᠮᠯᠠᠬᠤ ᠶᠣᠰᠤ ᠵᠠᠩᠰᠢᠯ ᠨᠢ ᠠᠳᠠᠯᠢ ᠪᠤᠰᠤ ᠨᠡᠢᠭᠡᠮ ᠲᠡᠦᠬᠡᠨ ᠨᠥᠬᠦᠴᠡᠯ ᠳᠣᠣᠷ᠎ᠠ ᠠᠳᠠᠯᠢ ᠪᠤᠰᠤ ᠪᠠᠢᠳᠠᠯ ᠲᠠᠢ ᠬᠥᠭᠵᠢᠨ ᠬᠤᠪᠢᠰᠴᠤ ᠢᠷᠡᠵᠡᠢ᠃ᠮᠣᠩᠭᠤᠯ ᠨᠤᠲᠤᠭ ᠤ᠋ᠳ ᠲᠤ᠌ ᠬᠤᠷᠢᠮ ᠨᠠᠢᠷ ᠤ᠋ᠨ ᠶᠣᠰᠣᠯᠠᠯ ᠨᠢ ᠬᠡᠳᠦᠢᠪᠡᠷ ᠣᠷᠤᠨ ᠨᠤᠲᠤᠭ ᠤ᠋ᠨ ᠣᠨᠴᠠᠯᠢᠭ ᠪᠤᠶᠤ ᠠᠮᠢᠳᠤᠷᠠᠯ ᠠᠬᠤᠢ ᠶ᠋ᠢᠨ ᠬᠤᠪᠢᠷᠠᠯᠲᠠ ᠠ᠋ᠴᠠ ᠰᠢᠯᠲᠠᠭᠠᠯᠠᠵᠤ ᠵᠠᠷᠢᠮ ᠵᠠᠩ ᠦᠢᠯᠡ ᠪᠠ ᠬᠣᠯᠪᠤᠭᠳᠠᠬᠤ ᠦᠭᠡ ᠬᠡᠯᠡᠯᠭᠡ ᠨᠦ᠍ᠭᠦᠳ ᠨᠢ ᠬᠣᠭᠤᠷᠤᠨᠳᠤ ᠪᠠᠨ ᠵᠢᠭᠠᠬᠠᠨ ᠵᠥᠷᠢᠶ᠎ᠡ ᠲᠠᠢ ᠪᠣᠯᠤᠭᠰᠠᠨ ᠪᠣᠯᠪᠠᠴᠤ ᠶᠣᠰᠣᠯᠠᠯ ᠨᠢ ᠦᠨᠳᠦᠰᠦᠨ ᠳ᠋ᠡᠭᠡᠨ ᠠᠳᠠᠯᠢᠪᠲᠤᠷ ᠪᠤᠢ᠃ ᠲᠡᠳᠡᠭᠡᠷ ᠵᠠᠩ ᠦᠢᠯᠡ ᠶᠢ ᠠᠴᠢᠶᠠᠯᠠᠨ ᠶᠠᠪᠤᠭ᠎ᠠ ᠵᠠᠷᠢᠮ ᠵᠠᠩᠰᠢᠯ ᠤ᠋ᠨ ᠦᠭᠡ ᠬᠡᠯᠡᠯᠭᠡ ᠨᠦ᠍ᠭᠦᠳ ᠢ᠋ ᠬᠠᠷᠢᠴᠠᠭᠤᠯᠤᠨ ᠰᠢᠨᠵᠢᠯᠡᠵᠦ᠂ ᠲᠡᠳᠡᠭᠡᠷ ᠦ᠋ᠨ ᠭᠠᠷᠤᠯ ᠡᠭᠦᠰᠦᠯ ᠪᠠ ᠤᠳᠭ᠎ᠠ ᠶ᠋ᠢᠨ ᠤᠯᠠᠷᠢᠯ ᠬᠤᠪᠢᠰᠤᠯ ᠳ᠋ᠤ᠌ ᠰᠣᠶᠤᠯ ᠵᠦᠢ ᠶ᠋ᠢᠨ ᠲᠠᠢᠯᠪᠤᠷᠢ ᠬᠢᠬᠦ ᠴᠢᠬᠤᠯᠠ ᠲᠠᠢ᠃